ᠬᠥᠬᠡᠬᠤᠲᠠ ᠵᠠᠰᠠᠭ ᠲᠠᠷᠬᠠᠭᠠᠭᠰᠠᠨ ﹇2023﹈ 15 ᠳ᠋ᠤᠭᠠᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ | ᠣᠷᠣᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠣᠬᠢᠶᠠᠨ | ᠪᠠᠶᠢᠭᠤᠯᠤᠨ ᠬᠡᠷᠡᠭᠵᠢᠭᠦᠯᠲᠦᠭᠡᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 5 ᠳ᠋ᠤᠭᠠᠷ ᠰᠠᠷ᠎ᠠ ᠶᠢᠨ 18 ᠤ ᠡᠳᠦᠷ | | | ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ | | | ᠨᠢᠭᠡᠳᠦᠭᠡᠷ ᠵᠦᠢᠯ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠮᠠᠨ ᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠶᠢᠨ | ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠷᠡᠭᠦᠯ | ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2015﹈ 46 ᠳ᠋ᠤᠭᠠᠷ ᠲᠣᠭᠠᠲᠤ︶᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠳᠤᠮᠳᠠᠳᠤ ᠤᠯᠤᠰ ︵ᠬᠥᠬᠡᠬᠤᠲᠠ︶ ᠤᠨ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ | ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 53 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠬᠦ ᠠᠵᠢᠯᠯᠠᠭᠠᠨ ᠤ ᠲᠥᠯᠥᠪᠯᠡᠭᠡ ︵ | 2022 ︱ 2025 ᠣᠨ︶︾ ︵ᠥᠪᠥᠷ ᠠᠷᠠᠯᠵᠢᠶ᠎ᠠ ᠬᠤᠳᠠᠯᠳᠤᠭ᠎ᠠ ᠥᠰᠥᠭ ﹇2022﹈ 336 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠦᠰᠦᠯᠡᠨ ᠲᠤᠰ ᠲᠥᠷᠥ ᠶᠢᠨ ᠪᠣᠳᠣᠯᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠥᠷᠥ ᠶᠢᠨ ᠪᠣᠳᠣᠯᠭ᠎ᠠ ᠶᠢ ᠬᠥᠬᠡᠬᠤᠲᠠ ᠳᠤ ᠬᠠᠤᠯᠢ ᠶᠣᠰᠣᠭᠠᠷ ᠳᠠᠩᠰᠠᠯᠠᠭᠤᠯᠬᠤ ᠶᠢᠨ ᠬᠠᠮᠲᠤ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠲᠤ ᠭᠠᠶᠢᠯᠢ ᠲᠤᠰᠢᠶᠠᠬᠤ ᠪᠠᠷ ᠳᠠᠩᠰᠠᠯᠠᠭᠤᠯᠤᠭᠰᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠲᠤᠭ᠎ᠠ | ᠪᠠᠷᠢᠮᠲᠠ ᠶᠢ ᠬᠥᠬᠡᠬᠤᠲᠠ ᠶᠢᠨ ᠪᠣᠭᠤᠮᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠣᠯᠭᠠᠭᠤᠯᠤᠯᠲᠠ ᠶᠢᠨ ᠨᠢᠭᠡᠳᠦᠯᠲᠡᠢ | ᠬᠡᠪᠯᠡᠯ ᠤᠨ ᠲᠥᠷᠥᠯ ᠵᠦᠢᠯ ︵ᠳᠤᠮᠳᠠᠳᠤ ᠤᠯᠤᠰ᠂ ᠬᠥᠬᠡᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ | ᠲᠤᠷᠰᠢᠯᠲᠠ ᠶᠢᠨ ᠣᠷᠣᠨ ᠤ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠭᠲᠠᠨ᠎ᠠ︶ ᠢᠶᠠᠷ ᠳᠠᠮᠵᠢᠭᠤᠯᠵᠤ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠠᠵᠤ ᠠᠬᠤᠶᠢᠯᠠᠯ ᠳᠤ ᠬᠡᠷᠡᠭᠯᠡᠨ᠎ᠡ᠃ | ᠭᠤᠷᠪᠠᠳᠤᠭᠠᠷ ᠵᠦᠢᠯ ᠪᠡᠯᠡ ᠮᠥᠩᠭᠦ ᠶᠢᠨ ᠳᠡᠮᠵᠢᠯᠭᠡ ᠶᠢᠨ ᠪᠠᠷᠢᠮᠵᠢᠶ᠎ᠠ ᠨᠢ ᠪᠣᠳᠠᠲᠠᠢ ᠳᠣᠣᠷᠠᠬᠢ ᠮᠡᠲᠦ᠄ | ︵ᠨᠢᠭᠡ︶ ᠭᠠᠶᠢᠯᠢ ᠪᠠᠲᠤᠯᠠᠬᠤ ᠬᠢᠯᠢ ᠠᠯᠤᠰᠯᠠᠭᠰᠠᠨ ᠠᠷᠠᠯᠵᠢᠶ᠎ᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ︵ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠨᠣᠮᠧᠷ ᠨᠢ 1210︶᠂ ᠬᠢᠯᠢ ᠠᠯᠤᠰᠯᠠᠭᠰᠠᠨ ᠠᠷᠠᠯᠵᠢᠶ᠎ᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ︵ | ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠨᠣᠮᠧᠷ ᠨᠢ 9610︶ ᠤᠨ ᠵᠠᠭᠪᠤᠷ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠢᠶᠠᠨ | ᠥᠷᠨᠢᠭᠦᠯᠵᠦ᠂ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠤᠭ᠎ᠠ ᠨᠢ 100 ᠲᠦᠮᠡᠨ ᠲᠦᠭᠦᠷᠢᠭ ᠠᠷᠠᠳ ᠤᠨ | ᠵᠣᠭᠤᠰ ᠬᠦᠷᠦᠭᠰᠡᠨ ᠠᠵᠤ ᠠᠬᠤᠶᠢᠯᠠᠯ ᠳᠤ᠂ ᠠᠷᠠᠯᠵᠢᠶ᠎ᠠ ᠶᠢᠨ ᠲᠤᠭ᠎ᠠ ᠶᠢᠨ 5% ᠪᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ | ᠥᠨᠳᠥᠷ ᠲᠡᠭᠡᠨ 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ︵ᠬᠤᠶᠠᠷ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢᠶᠠᠷ ᠳᠠᠮᠵᠢᠭᠤᠯᠤᠨ ᠠᠵᠤ ᠠᠬᠤᠶᠢᠯᠠᠯ ᠤᠨ | ᠰᠢᠭᠤᠳ ᠭᠠᠳᠠᠭᠠᠳᠤ ᠳᠤ ᠭᠠᠷᠭᠠᠬᠤ ︵ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠨᠣᠮᠧᠷ ᠨᠢ 9710︶᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠳᠠᠬᠢ ᠬᠥᠮᠥᠷᠭᠡ ᠳᠤ ᠭᠠᠷᠭᠠᠬᠤ ︵ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ | ᠨᠣᠮᠧᠷ ᠨᠢ 9810︶ ᠵᠠᠭᠪᠤᠷ ᠢᠶᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ᠂ ᠵᠢᠯ ᠤᠨ ᠭᠠᠳᠠᠭᠠᠳᠤ ᠳᠤ ᠭᠠᠷᠭᠠᠵᠤ ᠠᠷᠠᠯᠵᠢᠶᠠᠯᠠᠭᠰᠠᠨ ᠲᠤᠭ᠎ᠠ ᠨᠢ | 500 ᠲᠦᠮᠡᠨ ᠠᠷᠠᠳ ᠤᠨ ᠵᠣᠭᠤᠰ ᠲᠤ ᠬᠦᠷᠦᠭᠰᠡᠨ ᠠᠵᠤ ᠠᠬᠤᠶᠢᠯᠠᠯ ᠳᠤ ᠠᠷᠠᠯᠵᠢᠶ᠎ᠠ ᠶᠢᠨ ᠲᠤᠭ᠎ᠠ ᠶᠢᠨ 2% ᠢᠶᠠᠷ ᠪᠡᠯᠡ ᠮᠥᠩᠭᠦ ᠶᠢᠨ ᠳᠡᠮᠵᠢᠯᠭᠡ | ᠦᠵᠡᠭᠦᠯᠵᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠦᠨᠡᠯᠡᠨ ᠲᠣᠭᠲᠠᠭᠠᠭᠰᠠᠨ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠪᠦᠭᠡᠳ ᠨᠢᠭᠡ ᠡᠵᠡᠩᠨᠡᠯᠲᠡ ᠶᠢᠨ ᠣᠨ ᠤ ᠳᠣᠲᠣᠷ᠎ᠠ ᠣᠷᠣᠵᠤ ᠰᠠᠭᠤᠭᠰᠠᠨ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠲᠤᠭ᠎ᠠ ᠲᠠᠢ ᠠᠵᠤ ᠠᠬᠤᠶᠢᠯᠠᠯ 30 ᠶᠢ ᠳᠠᠪᠠᠭᠰᠠᠨ ᠮᠥᠷᠲᠡᠭᠡᠨ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠤᠭ᠎ᠠ ᠨᠢ 3 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠬᠦᠷᠦᠭᠰᠡᠨ ᠪᠠᠶᠢᠪᠠᠯ᠂ | ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠲᠠᠯ᠎ᠠ ᠳᠤ 100 ᠲᠦᠮᠡᠨ ᠲᠥᠭᠦᠷᠢᠭ ᠠᠷᠠᠳ ᠤᠨ ᠵᠣᠭᠤᠰ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ | ᠣᠯᠭᠤᠨ᠎ᠠ︔ ᠣᠷᠣᠵᠤ ᠰᠠᠭᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠲᠤᠭ᠎ᠠ ᠲᠠᠢ ᠠᠵᠤ ᠠᠬᠤᠶᠢᠯᠠᠯ 50 | ᠶᠢ ᠳᠠᠪᠠᠭᠰᠠᠨ ᠮᠥᠷᠲᠡᠭᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠤᠭ᠎ᠠ ᠨᠢ 5 ᠳ᠋ᠦᠩᠰᠢᠭᠤᠷ ᠲᠥᠭᠦᠷᠢᠭ ᠠᠷᠠᠳ ᠤᠨ | ᠵᠣᠭᠤᠰ ᠬᠦᠷᠦᠭᠰᠡᠨ ᠪᠠᠶᠢᠪᠠᠯ᠂ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠲᠠᠯ᠎ᠠ ᠳᠤ 200 ᠲᠦᠮᠡᠨ ᠲᠥᠭᠦᠷᠢᠭ ᠤᠨ ᠠᠷᠠᠳ ᠤᠨ ᠵᠣᠭᠤᠰ ᠤᠨ ᠨᠢᠭᠡ | ᠤᠳᠠᠭ᠎ᠠ ᠶᠢᠨ ᠴᠢᠨᠠᠷᠲᠠᠢ ᠱᠠᠩᠨᠠᠯ ︵ᠡᠮᠦᠨᠡᠬᠢ ᠵᠡᠷᠭᠡᠯᠡᠯ ᠪᠠᠭᠲᠠᠨ᠎ᠠ︶ ᠣᠯᠭᠤᠨ᠎ᠠ᠃ | ︵ᠳᠥᠷᠪᠡ︶ ᠡᠵᠡᠩᠨᠡᠯᠲᠡ ᠶᠢᠨ ᠨᠡᠶᠢᠲᠡ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠪᠤᠶᠤ ᠳᠡᠯᠭᠡᠭᠦᠷ ᠤᠨ ᠳᠣᠲᠣᠷ᠎ᠠ | ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠦᠭᠰᠡᠨ ᠲᠠᠸᠠᠷ ᠤᠨ ᠲᠥᠷᠥᠯ ᠵᠦᠢᠯ ᠤᠨ ᠲᠤᠭ᠎ᠠ ᠨᠢ 300 ᠠᠴᠠ ᠳᠣᠣᠷ᠎ᠠ ᠦᠭᠡᠢ᠂ ᠰᠦᠯᠵᠢᠶ᠎ᠡ ᠪᠠᠷ | ᠳᠠᠮᠵᠢᠭᠤᠯᠤᠨ ᠬᠤᠳᠠᠯᠳᠤᠬᠤ ᠲᠠᠸᠠᠷ ᠤᠨ ᠲᠥᠷᠥᠯ ᠵᠦᠢᠯ ᠤᠨ ᠲᠤᠭ᠎ᠠ ᠨᠢ 500 ᠠᠴᠠ ᠳᠣᠣᠷ᠎ᠠ ᠦᠭᠡᠢ᠂ ᠪᠦᠬᠦᠯᠢ ᠨᠢᠭᠡ ᠵᠢᠯ ᠡᠵᠡᠩᠨᠡᠭᠰᠡᠨ ᠮᠥᠷᠲᠡᠭᠡᠨ | ᠵᠢᠯ ᠤᠨ ᠠᠷᠠᠯᠵᠢᠶᠠᠯᠠᠭᠰᠠᠨ ᠲᠤᠭ᠎ᠠ ᠨᠢ 1000 ᠲᠦᠮᠡᠨ ᠲᠥᠭᠦᠷᠢᠭ ᠠᠷᠠᠳ ᠤᠨ ᠵᠣᠭᠤᠰ ᠢ ᠳᠠᠪᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | O2O ᠰᠦᠯᠵᠢᠶᠡᠨ ᠭᠠᠳᠠᠨᠠᠬᠢ ᠳᠡᠯᠭᠡᠭᠦᠷ ᠲᠤ ᠲᠡᠭᠰᠢ ᠳᠥᠷᠪᠡᠯᠵᠢᠨ ᠮᠧᠲᠷ ᠪᠦᠷᠢ ᠳᠤ 600 ᠲᠥᠭᠦᠷᠢᠭ ᠠᠷᠠᠳ ᠤᠨ ᠵᠣᠭᠤᠰ ᠤᠨ ᠪᠠᠷᠢᠮᠵᠢᠶ᠎ᠠ ᠪᠠᠷ ᠨᠢᠭᠡ | ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ 100 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ︵ᠲᠠᠪᠤ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠶᠢᠯᠢ ᠪᠠᠲᠤᠯᠠᠬᠤ ᠬᠥᠮᠥᠷᠭᠡ ᠶᠢ ᠲᠦᠷᠢᠶᠡᠰᠦᠯᠡᠨ ᠬᠡᠷᠡᠭᠯᠡᠬᠦ ᠶᠢᠨ ᠬᠠᠮᠲᠤ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠲᠠᠢ ᠲᠣᠭᠲᠠᠭᠰᠠᠨ ᠭᠡᠷ᠎ᠡ ᠳᠤ ᠲᠣᠭᠲᠠᠭᠰᠠᠨ ᠱᠠᠭᠠᠷᠳᠠᠯᠭ᠎ᠠ ᠳᠤ ᠬᠦᠷᠦᠭᠰᠡᠨ ᠠᠵᠤ | ᠠᠬᠤᠶᠢᠯᠠᠯ ᠳᠤ᠂ ᠡᠭᠦᠰᠦᠭᠰᠡᠨ ᠬᠥᠮᠥᠷᠭᠡ ᠳᠦᠷᠢᠶᠡᠰᠦᠯᠡᠬᠦ ᠵᠠᠷᠤᠳᠠᠯ ᠳᠤ ᠪᠥᠬᠦ ᠲᠣᠭᠠᠨ ᠤ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠳᠠᠩ ᠭᠠᠭᠴᠠ | ᠠᠵᠤ ᠠᠬᠤᠶᠢᠯᠠᠯ ᠳᠤ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠵᠢᠷᠭᠤᠭ᠎ᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠳᠠᠬᠢ ᠣᠯᠠᠨ ᠨᠡᠶᠢᠲᠡ ᠶᠢᠨ ᠬᠥᠮᠥᠷᠭᠡ ᠪᠠᠶᠢᠭᠤᠯᠤᠭᠰᠠᠨ | ᠠᠵᠤ ᠠᠬᠤᠶᠢᠯᠠᠯ ᠳᠤ᠂ ᠭᠠᠳᠠᠭᠠᠳᠤ ᠳᠠᠬᠢ ᠳᠠᠩ ᠭᠠᠭᠴᠠ ᠣᠯᠠᠨ ᠨᠡᠶᠢᠲᠡ ᠶᠢᠨ ᠬᠥᠮᠥᠷᠭᠡ ᠶᠢᠨ ᠲᠠᠯᠠᠪᠠᠶ ᠨᠢ 1000 ᠲᠡᠭᠰᠢ ᠳᠥᠷᠪᠡᠯᠵᠢᠨ ᠮᠧᠲᠷ ᠠᠴᠠ | ᠳᠡᠭᠡᠭᠰᠢ᠂ ᠡᠵᠡᠩᠨᠡᠭᠡᠳ ᠪᠦᠬᠦᠯᠢ ᠨᠢᠭᠡ ᠵᠢᠯ ᠪᠣᠯᠣᠭᠰᠠᠨ ᠮᠥᠷᠲᠡᠭᠡᠨ ᠦᠢᠯᠡᠴᠢᠯᠡᠭᠰᠡᠨ ᠬᠥᠬᠡᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠠᠵᠤ ᠠᠬᠤᠶᠢᠯᠠᠯ ᠨᠢ ᠪᠦᠬᠦ ᠦᠢᠯᠡᠴᠢᠯᠡᠭᠰᠡᠨ ᠠᠵᠤ ᠠᠬᠤᠶᠢᠯᠠᠯ ᠤᠨ 50% ᠶᠢ ᠳᠠᠪᠠᠭᠰᠠᠨ ᠪᠠᠶᠢᠪᠠᠯ᠂ | ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢᠨ ᠣᠷᠣᠭᠤᠯᠤᠯᠲᠠ ᠶᠢᠨ ᠲᠤᠭ᠎ᠠ ᠶᠢᠨ 30% ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 300 ᠲᠦᠮᠡᠨ | ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ︔ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ | ᠭᠠᠳᠠᠭᠠᠳᠤ ᠳᠠᠬᠢ ᠬᠥᠮᠥᠷᠭᠡ ᠶᠢ ᠲᠦᠷᠢᠶᠡᠰᠦᠯᠡᠵᠦ᠂ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠮᠥᠷᠲᠡᠭᠡᠨ ᠬᠡᠷᠡᠭᠯᠡᠭᠡᠳ ᠪᠦᠬᠦᠯᠢ ᠨᠢᠭᠡ | ᠵᠢᠯ ᠪᠣᠯᠤᠭᠰᠠᠨ ᠪᠠᠶᠢᠪᠠᠯ ᠪᠣᠳᠠᠲᠠᠢ ᠲᠦᠷᠢᠶᠡᠰᠦᠯᠡᠬᠦ ᠵᠠᠷᠤᠳᠠᠯ ᠤᠨ 30% ᠪᠠᠷ ᠳᠡᠮᠵᠢᠯᠭᠡ ᠦᠵᠡᠭᠦᠯᠵᠦ᠂ ᠬᠠᠮᠤᠭ ᠥᠨᠳᠥᠷ ᠲᠡᠭᠡᠨ 100 ᠲᠦᠮᠡᠨ | ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ︵ᠳᠣᠯᠤᠭ᠎ᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠢ ᠥᠷᠨᠢᠭᠦᠯᠦᠭᠰᠡᠨ ᠠᠵᠤ | ᠠᠬᠤᠶᠢᠯᠠᠯ ᠪᠤᠶᠤ ᠪᠠᠶᠢᠭᠤᠯᠤᠮᠵᠢ ᠳᠤ᠂ ᠪᠣᠯᠪᠠᠰᠤᠷᠠᠭᠤᠯᠤᠯ ᠤᠨ ᠠᠩᠭᠢ ᠡᠷᠬᠢᠯᠡᠭᠰᠡᠨ ᠤᠳᠠᠭ᠎ᠠ ᠨᠢ 5 ᠠᠴᠠ ᠳᠣᠣᠷ᠎ᠠ ᠦᠭᠡᠢ ᠮᠥᠷᠲᠡᠭᠡᠨ ᠤᠳᠠᠭ᠎ᠠ ᠪᠦᠷᠢ | 20 ᠠᠴᠠ ᠳᠣᠣᠷ᠎ᠠ ᠦᠭᠡᠢ ᠬᠥᠮᠥᠨ ᠲᠠᠢ ᠪᠠᠶᠢᠪᠠᠯ᠂ ᠬᠥᠮᠥᠨ ᠨᠢᠭᠡᠪᠦᠷᠢ ᠳᠤ 200 ᠲᠥᠭᠦᠷᠢᠭ ᠠᠷᠠᠳ ᠤᠨ ᠵᠣᠭᠤᠰ ᠤᠨ ᠪᠠᠷᠢᠮᠵᠢᠶ᠎ᠠ ᠪᠠᠷ ᠪᠡᠯᠡ ᠮᠥᠩᠭᠦ ᠶᠢᠨ | ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ︵ᠨᠠᠢᠮᠠ︶ ᠵᠢᠯ ᠤᠨ ᠦᠢᠯᠡᠴᠢᠯᠡᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠨᠢ 20 ᠶᠢ ᠬᠡᠲᠦᠷᠡᠭᠰᠡᠨ ᠮᠥᠷᠲᠡᠭᠡᠨ ᠵᠢᠯ ᠤᠨ ᠪᠣᠭᠤᠮᠲᠠ ᠪᠠᠷ ᠥᠩᠭᠡᠷᠡᠭᠰᠡᠨ ᠠᠷᠠᠯᠵᠢᠶ᠎ᠠ ᠶᠢᠨ ᠲᠤᠭ᠎ᠠ ᠨᠢ | 5000 ᠲᠦᠮᠡᠨ ᠲᠥᠭᠦᠷᠢᠭ ᠠᠷᠠᠳ ᠤᠨ ᠵᠣᠭᠤᠰ ᠬᠦᠷᠦᠭᠰᠡᠨ ᠭᠤᠷᠪᠠᠳᠠᠭᠢ ᠡᠲᠡᠭᠡᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠪᠤᠶᠤ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠦᠨᠡᠯᠡᠨ ᠲᠣᠭᠲᠠᠭᠠᠭᠰᠠᠨ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠠᠵᠤ ᠠᠬᠤᠶᠢᠯᠠᠯ ᠳᠤ᠂ ᠠᠷᠠᠯᠵᠢᠶ᠎ᠠ ᠶᠢᠨ ᠲᠤᠭ᠎ᠠ ᠶᠢᠨ 2% ᠢᠶᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ | ᠥᠨᠳᠥᠷ ᠲᠡᠭᠡᠨ 300 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ︵ᠶᠢᠰᠦ︶ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 2000 ᠲᠦᠮᠡᠨ ᠲᠥᠭᠦᠷᠢᠭ ᠠᠷᠠᠳ ᠤᠨ ᠵᠣᠭᠤᠰ | ᠠᠴᠠ ᠳᠡᠭᠡᠭᠰᠢᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠳᠤ᠂ ᠵᠢᠯ ᠤᠨ ᠪᠣᠳᠠᠲᠠᠢ ᠡᠭᠦᠰᠦᠭᠰᠡᠨ ᠣᠯᠠᠨ | ᠤᠯᠤᠰ ᠤᠨ ᠪᠠᠷᠠᠭᠠᠨ ᠤ ᠭᠦᠢᠯᠭᠡᠭᠡᠨ ᠤ ᠵᠠᠷᠤᠳᠠᠯ ᠤᠨ 30% ᠪᠠᠷ ᠳᠡᠮᠵᠢᠯᠭᠡ ᠦᠵᠡᠭᠦᠯᠵᠦ᠂ ᠳᠠᠩ ᠭᠠᠭᠴᠠ ᠠᠵᠤ ᠠᠬᠤᠶᠢᠯᠠᠯ ᠳᠤ ᠬᠠᠮᠤᠭ ᠤᠨ | ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠠᠷᠪᠠ︶ ᠮᠠᠨ ᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ | ᠨᠡᠮᠡᠷᠢ ᠦᠵᠡᠭᠦᠯᠦᠭᠰᠡᠨ ᠲᠥᠷᠥᠯ ᠵᠦᠢᠯ ︵ᠭᠤᠣᠯ ᠴᠣᠭᠴᠠ︶ ᠳᠤ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ | ᠳᠥᠷᠪᠡᠳᠦᠭᠡᠷ ᠵᠦᠢᠯ ᠲᠣᠰ ᠲᠥᠷᠥ ᠶᠢᠨ ᠪᠣᠳᠣᠯᠭ᠎ᠠ ᠶᠢ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯᠣᠨ ᠥᠪᠥᠷ ᠮᠣᠩᠭᠤᠯ ᠤᠨ | ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ | ᠵᠥᠪᠯᠡᠯ ᠠᠴᠠ ᠪᠣᠳᠠᠲᠠᠢ ᠬᠡᠷᠡᠭᠵᠢᠭᠦᠯᠦᠨ᠎ᠡ᠃ ᠳᠡᠮᠵᠢᠯᠭᠡ ᠶᠢᠨ ᠪᠡᠯᠡ ᠮᠥᠩᠭᠦ ᠶᠢ ᠣᠨ ᠢᠶᠠᠷ ᠣᠯᠭᠤᠵᠤ᠂ ᠵᠢᠯ ᠪᠦᠷᠢ ᠶᠢᠨ ᠳᠡᠭᠡᠷ᠎ᠡ ᠬᠠᠭᠠᠰ ᠵᠢᠯ ᠳᠤ ᠳᠡᠭᠡᠷ᠎ᠡ | ᠨᠢᠭᠡ ᠵᠢᠯ ᠤᠨ ᠲᠥᠷᠥ ᠶᠢᠨ ᠪᠣᠳᠣᠯᠭ᠎ᠠ ᠶᠢᠨ ᠨᠥᠬᠦᠪᠦᠷᠢ ᠶᠢ ᠭᠤᠶᠤᠴᠢᠯᠠᠨ ᠮᠡᠳᠡᠭᠦᠯᠵᠦ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ | ᠵᠢᠯ ᠪᠦᠷᠢ ᠶᠢᠨ ᠪᠠᠭᠤᠯᠭᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠥᠷᠥ ᠶᠢᠨ ᠪᠣᠳᠣᠯᠭ᠎ᠠ ᠶᠢᠨ ᠨᠥᠬᠦᠪᠦᠷᠢ ᠶᠢ ᠭᠤᠶᠤᠴᠢᠯᠠᠨ ᠮᠡᠳᠡᠭᠦᠯᠬᠦ | ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠡᠭᠦᠨ ᠳᠤ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠵᠦ ᠪᠠᠶᠢᠭ᠎ᠠ ᠠᠵᠤ ᠠᠬᠤᠶᠢᠯᠠᠯ ᠨᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ | ᠲᠣᠰ ᠠᠵᠤ ᠠᠬᠤᠶᠢᠯᠠᠯ ᠤᠨ ᠢᠶᠠᠨ ᠲᠥᠷᠥ ᠶᠢᠨ ᠪᠣᠳᠣᠯᠭ᠎ᠠ ᠶᠢᠨ ᠨᠥᠬᠦᠪᠦᠷᠢ ᠶᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ᠂ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠠᠴᠠ ᠠᠩᠬᠠᠨ ᠤ ᠬᠢᠨᠠᠯᠲᠠ ᠬᠢᠨ᠎ᠡ︔ ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠥᠷᠨᠢᠭᠦᠯᠵᠦ ᠪᠠᠶᠢᠭ᠎ᠠ ︵ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ | ᠳᠡᠭᠡᠷ᠎ᠡ ᠲᠤᠬᠠᠶᠢᠯᠠᠭᠰᠠᠨ ᠠᠵᠢᠯ ᠥᠷᠨᠢᠭᠦᠯᠬᠦ ᠪᠣᠯᠪᠠᠴᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠠᠩᠰᠠᠯᠠᠭᠤᠯᠤᠭᠰᠠᠨ ᠠᠵᠤ ᠠᠬᠤᠶᠢᠯᠠᠯ ᠢ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠠᠩᠬᠠᠨ ᠤ ᠬᠢᠨᠠᠯᠲᠠ ᠬᠢᠨ᠎ᠡ︶ ᠠᠵᠤ ᠠᠬᠤᠶᠢᠯᠠᠯ᠂ ᠬᠤᠷᠢᠨᠭᠡᠷ ᠰᠢᠨ᠎ᠡ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠲᠥᠷᠥ ᠶᠢᠨ ᠪᠣᠳᠣᠯᠭ᠎ᠠ ᠶᠢᠨ ᠨᠥᠬᠦᠪᠦᠷᠢ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠵᠤ᠂ ᠬᠤᠷᠢᠨᠭᠡᠷ ᠰᠢᠨ᠎ᠡ | ᠲᠣᠭᠤᠷᠢᠭ ᠠᠴᠠ ᠠᠩᠬᠠᠨ ᠤ ᠬᠢᠨᠠᠯᠲᠠ ᠬᠢᠨ᠎ᠡ︔ ᠪᠤᠰᠤᠳ ᠳᠡᠮᠵᠢᠬᠦ ᠵᠦᠢᠯ ᠤᠨ ᠭᠤᠶᠤᠴᠢᠯᠠᠯ ᠢ ᠠᠵᠤ ᠠᠬᠤᠶᠢᠯᠠᠯ ᠠᠴᠠ ᠰᠢᠭᠤᠳ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠬᠢᠨᠠᠭᠤᠯᠤᠨ᠎ᠠ᠃ ᠠᠳᠠᠯᠢ ᠨᠢᠭᠡᠨ ᠭᠤᠣᠯ ᠴᠣᠭᠴᠠ ᠨᠢ ᠣᠯᠠᠨ ᠲᠥᠷᠥᠯ ᠵᠦᠢᠯ ᠢ ᠵᠡᠷᠭᠡᠪᠡᠷ | ᠭᠤᠶᠤᠴᠢᠯᠠᠨ ᠮᠡᠳᠡᠭᠦᠯᠵᠦ ᠪᠣᠯᠣᠨ᠎ᠠ᠂ ᠳᠡᠮᠵᠢᠬᠦ ᠶᠡᠷᠦᠩᠬᠡᠢ ᠲᠤᠭ᠎ᠠ ᠶᠢ 1000 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ᠲᠠᠪᠤᠳᠤᠭᠠᠷ ᠵᠦᠢᠯ ᠪᠡᠯᠡ ᠮᠥᠩᠭᠦ ᠶᠢᠨ ᠳᠡᠮᠵᠢᠯᠭᠡ ᠭᠤᠶᠤᠴᠢᠯᠠᠬᠤ ᠮᠠᠲ᠋ᠧᠷᠢᠶᠠᠯ | ︵ᠨᠢᠭᠡ︶ ᠳᠡᠮᠵᠢᠯᠭᠡ ᠶᠢᠨ ᠪᠡᠯᠡ ᠮᠥᠩᠭᠦ ᠭᠤᠶᠤᠴᠢᠯᠠᠬᠤ ᠬᠦᠰᠦᠨᠦᠭᠲᠦ︔ | ︵ᠬᠤᠶᠠᠷ︶ ᠭᠤᠶᠤᠴᠢᠯᠠᠬᠤ ᠨᠢᠭᠡᠴᠢ ᠶᠢᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ︔ | ︵ᠭᠤᠷᠪᠠ︶ ᠭᠤᠶᠤᠴᠢᠯᠠᠬᠤ ᠨᠢᠭᠡᠴᠢ ᠪᠤᠶᠤ ᠭᠤᠶᠤᠴᠢᠯᠠᠬᠤ ᠨᠢᠭᠡᠴᠢ ᠶᠢᠨ ᠦᠢᠯᠡᠴᠢᠯᠡᠬᠦ ᠡᠲᠡᠭᠡᠳ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ᠂ ᠬᠥᠬᠡᠬᠤᠲᠠ ᠶᠢᠨ ᠪᠣᠭᠤᠮᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠣᠯᠭᠠᠭᠤᠯᠤᠯᠲᠠ ᠶᠢᠨ ᠨᠢᠭᠡᠳᠦᠯᠲᠡᠢ | ᠬᠡᠪᠯᠡᠯ ᠤᠨ ᠵᠣᠯᠭᠠᠭᠤᠯᠤᠯᠲᠠ ᠶᠢᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠵᠢᠴᠢ ᠬᠠᠷᠠᠭᠠᠯᠵᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠷᠠᠯᠵᠢᠶᠠᠨ ᠤ ᠲᠤᠭ᠎ᠠ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠥᠪᠰᠢᠶᠡᠷᠡᠯ ᠤᠨ ᠨᠠᠷᠢᠨ ᠬᠠᠭᠤᠳᠠᠰᠤ ᠶᠢᠨ ᠬᠡᠮᠵᠢᠶ᠎ᠡ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠳᠡᠯᠭᠡᠨ ᠦᠵᠡᠭᠦᠯᠵᠦ ᠠᠷᠠᠯᠵᠢᠶᠠᠯᠠᠭᠰᠠᠨ ᠪᠣᠷᠣᠯᠠᠭᠤᠯᠤᠯᠲᠠ ᠶᠢᠨ ᠲᠤᠭ᠎ᠠ ᠶᠢᠨ ᠲᠤᠭ᠎ᠠ ᠪᠠᠷᠢᠮᠲᠠ︔ | | ︵ᠳᠥᠷᠪᠡ︶ ᠬᠦᠷᠢᠶᠡᠯᠡᠩ ᠲᠣᠭᠤᠷᠢᠭ ᠢ ᠦᠨᠡᠯᠡᠨ ᠲᠣᠭᠲᠠᠭᠠᠭᠰᠠᠨ ᠪᠢᠴᠢᠭ ᠮᠠᠲ᠋ᠧᠷᠢᠶᠠᠯ᠂ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠲᠤ ᠣᠷᠣᠵᠤ | ᠰᠠᠭᠤᠭᠰᠠᠨ ᠠᠵᠤ ᠠᠬᠤᠶᠢᠯᠠᠯ ᠤᠨ ᠨᠡᠷᠡᠰ᠂ ᠬᠦᠷᠢᠶᠡᠯᠡᠩ ᠲᠣᠭᠤᠷᠢᠭ ᠲᠤ ᠣᠷᠣᠭᠰᠠᠨ ᠠᠵᠤ ᠠᠬᠤᠶᠢᠯᠠᠯ ᠯᠤᠭ᠎ᠠ ᠲᠣᠭᠲᠠᠭᠰᠠᠨ ᠭᠡᠷ᠎ᠡ ᠶᠢᠨ ᠬᠠᠭᠤᠯᠪᠤᠷᠢ᠂ | ᠬᠦᠷᠢᠶᠡᠯᠡᠩ ᠲᠣᠭᠤᠷᠢᠭ ᠤᠨ ᠬᠡᠷᠡᠭᠯᠡᠭᠰᠡᠨ ᠲᠠᠯᠠᠪᠠᠶ ᠶᠢ ᠭᠡᠷᠡᠴᠢᠯᠡᠬᠦ ᠮᠠᠲ᠋ᠧᠷᠢᠶᠠᠯ ᠪᠤᠶᠤ ᠲᠦᠷᠢᠶᠡᠰᠦᠯᠡᠭᠰᠡᠨ ᠭᠡᠷ᠎ᠡ︔ | ︵ᠲᠠᠪᠤ︶ O2O ᠰᠦᠯᠵᠢᠶᠡᠨ ᠭᠠᠳᠠᠨᠠᠬᠢ ᠳᠡᠯᠭᠡᠭᠦᠷ ᠤᠨ ᠲᠥᠷᠥᠯ ᠵᠦᠢᠯ ᠡᠵᠡᠩᠨᠡᠯᠲᠡ ᠶᠢᠨ ᠨᠡᠶᠢᠲᠡ ᠲᠠᠯᠠᠪᠠᠶ ᠨᠢ 500 ᠲᠡᠭᠰᠢ ᠳᠥᠷᠪᠡᠯᠵᠢᠨ | ᠮᠧᠲᠷ ᠠᠴᠠ ᠳᠠᠪᠠᠭᠰᠠᠨ ᠭᠡᠷᠡᠴᠢᠯᠡᠬᠦ ᠮᠠᠲ᠋ᠧᠷᠢᠶᠠᠯ ᠪᠤᠶᠤ ᠲᠦᠷᠢᠶᠡᠰᠦᠯᠡᠭᠰᠡᠨ ᠭᠡᠷ᠎ᠡ᠂ ᠡᠵᠡᠩᠨᠡᠬᠦ ᠲᠠᠸᠠᠷ ᠤᠨ ᠲᠥᠷᠥᠯ ᠵᠦᠢᠯ ᠤᠨ ᠭᠡᠷᠡᠴᠢᠯᠡᠬᠦ ᠮᠠᠲ᠋ᠧᠷᠢᠶᠠᠯ ᠢ | ᠬᠠᠩᠭᠠᠬᠤ ᠬᠡᠷᠡᠭᠲᠡᠢ︔ | ︵ᠵᠢᠷᠭᠤᠭ᠎ᠠ︶ ᠠᠵᠤ ᠠᠬᠤᠶᠢᠯᠠᠯ ᠤᠨ ᠭᠠᠳᠠᠭᠠᠳᠤ ᠳᠠᠬᠢ ᠬᠥᠮᠥᠷᠭᠡ ᠶᠢ ᠪᠦᠲᠦᠭᠡᠨ ᠪᠠᠶᠢᠭᠤᠯᠬᠤ᠂ ᠲᠦᠷᠢᠶᠡᠰᠦᠯᠡᠬᠦ ᠳᠤ ᠬᠤᠯᠪᠣᠭᠳᠠᠬᠤ ᠲᠤᠨᠤᠭ | ᠲᠥᠬᠦᠭᠡᠷᠦᠮᠵᠢ ᠶᠢ ᠬᠤᠳᠠᠯᠳᠤᠨ ᠠᠪᠤᠭᠰᠠᠨ᠂ ᠭᠠᠵᠠᠷ ᠬᠡᠷᠡᠭᠯᠡᠭᠰᠡᠨ᠂ ᠬᠠᠮᠲᠤᠷᠠᠯᠴᠠᠭ᠎ᠠ ᠵᠡᠷᠭᠡ ᠵᠦᠢᠯ ᠤᠨ ᠭᠡᠷ᠎ᠡ᠂ ᠫᠢᠶᠣᠣ ᠪᠠᠷᠢᠮᠲᠠ︔ | ︵ᠳᠣᠯᠤᠭ᠎ᠠ︶ ᠠᠯᠪᠠᠯᠠᠬᠤ ᠵᠢᠴᠢ ᠭᠠᠶᠢᠯᠢ ᠪᠠᠲᠤᠯᠠᠬᠤ ᠬᠥᠮᠥᠷᠭᠡᠯᠡᠨ ᠬᠠᠳᠠᠭᠠᠯᠠᠬᠤ ᠲᠠᠯᠠᠪᠤᠷ ᠤᠨ ᠲᠦᠷᠢᠶᠡᠰᠦᠯᠡᠬᠦ ᠭᠡᠷ᠎ᠡ ᠶᠢᠨ ᠬᠠᠭᠤᠯᠪᠤᠷᠢ ᠵᠢᠴᠢ | ᠦᠢᠯᠡᠳᠪᠦᠷᠢᠯᠡᠯ ᠤᠨ ᠴᠢᠳᠠᠪᠤᠷᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠭᠦᠷᠦᠭᠰᠡᠨ ᠢ ᠭᠡᠷᠡᠴᠢᠯᠡᠬᠦ ᠮᠠᠲ᠋ᠧᠷᠢᠶᠠᠯ︔ | ︵ᠨᠠᠢᠮᠠ︶ ᠲᠠᠪᠴᠠᠩ ᠪᠤᠶᠤ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ ᠪᠠᠶᠢᠭ᠎ᠠ ᠠᠵᠤ ᠠᠬᠤᠶᠢᠯᠠᠯ ᠤᠨ ᠬᠠᠮᠢᠶ᠎ᠠ | ᠪᠦᠬᠦᠢ ᠦᠢᠯᠡᠴᠢᠯᠡᠬᠦ ᠡᠲᠡᠭᠡᠳ ᠯᠦᠭᠡ ᠲᠣᠭᠲᠠᠭᠰᠠᠨ ᠦᠢᠯᠡᠴᠢᠯᠡᠭᠡᠨ ᠤ ᠭᠡᠷ᠎ᠡ᠂ ᠫᠢᠶᠣᠣ ᠪᠠᠷᠢᠮᠲᠠ ᠵᠢᠴᠢ ᠬᠠᠷᠠᠭᠠᠯᠵᠠᠭᠰᠠᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠲᠤᠭ᠎ᠠ ᠬᠡᠮᠵᠢᠶ᠎ᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠥᠪᠰᠢᠶᠡᠷᠡᠯ ᠤᠨ ᠨᠠᠷᠢᠨ | ᠬᠠᠭᠤᠳᠠᠰᠤ ᠶᠢᠨ ᠬᠡᠮᠵᠢᠶ᠎ᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠳᠡᠯᠭᠡᠨ ᠦᠵᠡᠭᠦᠯᠵᠦ ᠠᠷᠠᠯᠵᠢᠶᠠᠯᠠᠭᠰᠠᠨ | ᠪᠣᠷᠣᠯᠠᠭᠤᠯᠤᠯᠲᠠ ᠶᠢᠨ ᠲᠤᠭ᠎ᠠ ᠶᠢᠨ ᠲᠤᠭ᠎ᠠ ᠪᠠᠷᠢᠮᠲᠠ᠂ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠦᠨᠡᠯᠡᠨ ᠲᠣᠭᠲᠠᠭᠠᠭᠰᠠᠨ ᠪᠢᠴᠢᠭ | ᠮᠠᠲ᠋ᠧᠷᠢᠶᠠᠯ︔ | ︵ᠶᠢᠰᠦ︶ ᠪᠣᠯᠪᠠᠰᠤᠷᠠᠭᠤᠯᠤᠯ ᠤᠨ ᠬᠤᠷᠠᠯ ᠤᠨ ᠲᠥᠰᠥᠯ᠂ ᠪᠣᠯᠪᠠᠰᠤᠷᠠᠭᠤᠯᠤᠯ ᠤᠨ ᠬᠤᠷᠠᠯ ᠤᠨ ᠨᠡᠷ᠎ᠡ ᠶᠢᠨ ᠪᠦᠷᠢᠳᠬᠡᠯ᠂ ᠪᠣᠯᠪᠠᠰᠤᠷᠠᠭᠤᠯᠤᠯ ᠤᠨ | ᠬᠤᠷᠠᠯ ᠤᠨ ᠠᠬᠤᠢ ᠲᠠᠯᠠᠪᠠᠶ ᠶᠢᠨ ᠬᠡᠷᠡᠯ ᠵᠢᠷᠤᠭ ᠵᠢᠴᠢ ᠰᠤᠷᠤᠯᠭᠠᠲᠠᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ︔ | ︵ᠠᠷᠪᠠ︶ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ ᠪᠢᠴᠢᠬᠦ ᠶᠢᠨ ᠬᠠᠮᠲᠤ ᠬᠠᠤᠯᠢ ᠶᠢᠨ ᠬᠥᠮᠥᠨ ᠭᠠᠷ ᠤᠨ ᠦᠰᠦᠭ | ᠵᠢᠷᠤᠵᠤ᠂ ᠠᠯᠪᠠᠨ ᠲᠠᠮᠠᠭ᠎ᠠ ᠳᠠᠷᠤᠨ᠎ᠠ︔ | ︵ᠠᠷᠪᠠᠨ ᠨᠢᠭᠡ︶ ᠲᠥᠷᠥᠯ ᠵᠦᠢᠯ ᠢ ᠭᠤᠶᠤᠴᠢᠯᠠᠬᠤ ᠲᠠᠢ ᠬᠠᠮᠢᠶ᠎ᠠ ᠲᠠᠢ ᠪᠤᠰᠤᠳ ᠮᠠᠲ᠋ᠧᠷᠢᠶᠠᠯ᠃ | ᠵᠢᠷᠭᠤᠳᠤᠭᠠᠷ ᠵᠦᠢᠯ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠮᠡᠳᠡᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ | ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠲᠥᠷᠥᠯ ᠵᠦᠢᠯ ᠢ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠰᠢᠯᠵᠢᠭᠦᠯᠦᠨ | ᠮᠡᠳᠡᠭᠦᠯᠦᠨ᠎ᠡ᠃ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠭᠢ | ᠡᠲᠡᠭᠡᠳ ᠤᠨ ᠵᠠᠭᠤᠴᠢ ᠪᠠᠶᠢᠭᠤᠯᠤᠮᠵᠢ ᠳᠤ ᠨᠠᠶᠢᠳᠠᠵᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠤᠰᠬᠠᠢ ᠪᠡᠯᠡ | ᠮᠥᠩᠭᠦ ᠭᠤᠶᠤᠴᠢᠯᠠᠨᠮᠡᠳᠡᠭᠦᠯᠬᠦ ᠮᠠᠲ᠋ᠧᠷᠢᠶᠠᠯ ᠳᠤ ᠬᠢᠨᠠᠨ ᠲᠣᠭᠲᠠᠭᠠᠯᠲᠠ ᠬᠢᠯᠭᠡᠵᠦ᠂ ᠬᠢᠨᠠᠨ ᠲᠣᠭᠲᠠᠭᠠᠯᠲᠠ ᠪᠠᠷ ᠪᠠᠲᠤᠯᠠᠭᠰᠠᠨ ᠠᠵᠤ ᠠᠬᠤᠶᠢᠯᠠᠯ ᠤᠨ ᠨᠡᠷᠡᠰ ᠢ | ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠬᠢᠨᠠᠨ ᠲᠣᠭᠲᠠᠭᠠᠭᠰᠠᠨ ᠦᠷ᠎ᠡ ᠳ᠋ᠦᠩ ᠳᠣᠲᠣᠷ᠎ᠠ ᠵᠠᠷᠯᠠᠵᠤ᠂ | ᠵᠠᠷᠯᠠᠬᠤ ᠬᠤᠭᠤᠴᠠᠭ᠎ᠠ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃ | ᠳᠣᠯᠣᠳᠤᠭᠠᠷ ᠵᠦᠢᠯ ᠬᠢᠨᠠᠨ ᠲᠣᠭᠲᠠᠭᠠᠭᠰᠠᠨ ᠦᠷ᠎ᠡ ᠳ᠋ᠦᠩ ᠪᠠ ᠵᠠᠷᠯᠠᠭᠰᠠᠨ ᠨᠡᠷᠡᠰ ᠢ ᠦᠨᠳᠦᠰᠦᠯᠡᠨ᠂ ᠬᠥᠬᠡᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠵᠠᠷᠴᠢᠮ ᠳᠡᠭᠡᠷ᠎ᠡ ᠪᠠᠨ ᠵᠠᠷᠯᠠᠯ ᠳᠠᠭᠤᠰᠤᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠵᠣᠭᠤᠰ ᠬᠡᠷᠡᠭᠯᠡᠬᠦ ᠲᠥᠯᠥᠪᠯᠡᠭᠡ ᠪᠠᠨ ᠳᠤᠷᠠᠳᠬᠤ ᠬᠡᠷᠡᠭᠲᠡᠢ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠣᠭᠤᠰ ᠬᠡᠷᠡᠭᠯᠡᠬᠦ | ᠲᠥᠯᠥᠪᠯᠡᠭᠡ ᠶᠢ ᠣᠯᠣᠭᠰᠠᠨ ᠤ ᠳᠠᠷᠠᠭ᠎ᠠ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠪᠡᠯᠡ ᠮᠥᠩᠭᠦ ᠰᠠᠯᠭᠠᠨ ᠥᠭᠴᠦ᠂ | ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠠᠷᠴᠢᠮ ᠳᠡᠭᠡᠷ᠎ᠡ ᠪᠠᠨ ᠪᠡᠯᠡ ᠮᠥᠩᠭᠦ ᠪᠠᠭᠤᠯᠭᠠᠭᠰᠠᠨ ᠤ ᠳᠠᠷᠠᠭᠠᠬᠢ 15 ᠠᠵᠢᠯᠯᠠᠬᠤ ᠡᠳᠦᠷ ᠤᠨ | ᠳᠣᠲᠣᠷ᠎ᠠ ᠵᠠᠷᠯᠠᠯ ᠳᠤ ᠣᠨᠳᠣᠣ ᠰᠠᠨᠠᠯ ᠦᠭᠡᠢ ᠠᠵᠤ ᠠᠬᠤᠶᠢᠯᠠᠯ ᠳᠤ ᠪᠡᠯᠡ ᠮᠥᠩᠭᠦ ᠰᠠᠯᠭᠠᠨ ᠥᠭᠭᠦᠨ᠎ᠡ᠃ | ᠨᠠᠢᠮᠠᠳᠤᠭᠠᠷ ᠵᠦᠢᠯ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠭᠥᠷᠳᠡᠬᠦ ᠨᠥᠬᠦᠴᠡᠯ ᠳᠤ ᠨᠡᠶᠢᠴᠡᠬᠦ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠳᠤ ᠬᠡᠷᠪᠡ ᠳᠣᠣᠷᠠᠬᠢ ᠪᠠᠶᠢᠳᠠᠯ ᠤᠨ ᠨᠢᠭᠡ ᠨᠢ ᠣᠷᠣᠰᠢᠵᠤ ᠪᠠᠶᠢᠪᠠᠯ᠂ ᠲᠣᠰ ᠲᠥᠷᠥ ᠶᠢᠨ ᠪᠣᠳᠣᠯᠭ᠎ᠠ ᠶᠢᠨ ᠲᠤᠰᠬᠠᠢ ᠪᠡᠯᠡ | ᠮᠥᠩᠭᠦ ᠶᠢᠨ ᠳᠡᠮᠵᠢᠯᠭᠡ ᠶᠢ ᠳᠠᠭᠢᠵᠤ ᠭᠥᠷᠳᠡᠬᠦ ᠦᠭᠡᠢ᠂ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠨᠢᠭᠡᠨᠲᠡ ᠭᠥᠷᠳᠡᠭᠰᠡᠨ ᠠᠵᠤ ᠠᠬᠤᠶᠢᠯᠠᠯ ᠣᠯᠣᠭᠰᠠᠨ | ᠪᠡᠯᠡ ᠮᠥᠩᠭᠦ ᠪᠠᠨ ᠪᠤᠴᠠᠭᠠᠬᠤ ᠬᠡᠷᠡᠭᠲᠡᠢ᠃ | ︵ᠨᠢᠭᠡ︶ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠬᠤ ᠪᠤᠶᠤ ᠪᠤᠰᠤᠳ ᠮᠡᠬᠡᠯᠡᠬᠦ ᠠᠷᠭ᠎ᠠ ᠪᠠᠷᠢᠯ ᠢᠶᠠᠷ ᠳᠡᠮᠵᠢᠯᠭᠡ ᠶᠢᠨ ᠲᠤᠰᠬᠠᠢ ᠪᠡᠯᠡ ᠮᠥᠩᠭᠦ ᠶᠢ | ᠮᠡᠬᠡᠯᠡᠨ ᠣᠯᠣᠭᠰᠠᠨ︔ | ︵ᠬᠤᠶᠠᠷ︶ ᠠᠵᠤ ᠠᠬᠤᠶᠢᠯᠠᠯ ᠤᠨ ᠡᠵᠡᠩᠨᠡᠯᠲᠡ ᠶᠢᠨ ᠶᠠᠪᠤᠴᠠ ᠳᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠲᠠᠢ ᠪᠠᠶᠢᠬᠤ︔ | ︵ᠭᠤᠷᠪᠠ︶ ᠠᠵᠤ ᠠᠬᠤᠶᠢᠯᠠᠯ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠥᠢᠯᠡ ᠠᠵᠢᠯᠯᠠᠭ᠎ᠠ ᠲᠠᠢ ᠪᠠᠶᠢᠵᠤ ᠵᠠᠰᠠᠭ ᠵᠠᠬᠢᠷᠭᠠᠨ ᠤ | ᠰᠢᠢᠳᠬᠡᠯ ᠣᠯᠣᠭᠰᠠᠨ︔ | ︵ᠳᠥᠷᠪᠡ︶ ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ ᠪᠤᠰᠤᠳ ᠠᠵᠢᠯᠯᠠᠭ᠎ᠠ ᠨᠤᠭᠤᠳ᠃ | ᠶᠢᠰᠦᠳᠦᠭᠡᠷ ᠵᠦᠢᠯ ᠲᠥᠷᠥ ᠶᠢᠨ ᠪᠣᠳᠣᠯᠭ᠎ᠠ ᠶᠢᠨ ᠨᠥᠬᠦᠪᠦᠷᠢ ᠣᠯᠣᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ | ᠠᠬᠤᠶᠢᠯᠠᠯ ᠤᠳ ᠪᠦᠷᠢᠨ ᠪᠦᠲᠦᠨ ᠲᠠᠩᠰᠠ ᠡᠪᠬᠡᠮᠡᠯ ᠪᠠᠶᠢᠭᠤᠯᠵᠤ᠂ ᠭᠤᠶᠤᠴᠢᠯᠠᠬᠤ ᠪᠠ ᠬᠢᠨᠠᠨ ᠬᠠᠷᠭᠤᠭᠤᠯᠤᠭᠰᠠᠨ ᠮᠠᠲ᠋ᠧᠷᠢᠶᠠᠯ ᠢᠶᠠᠨ ᠲᠣᠬᠢᠲᠠᠢ ᠬᠠᠳᠠᠭᠠᠯᠠᠨ | ᠬᠠᠮᠢᠶᠠᠷᠴᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ | ᠠᠷᠪᠠᠳᠤᠭᠠᠷ ᠵᠦᠢᠯ ᠲᠣᠰ ᠲᠥᠷᠥ ᠶᠢᠨ ᠪᠣᠳᠣᠯᠭ᠎ᠠ ᠶᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ | ᠲᠠᠶᠢᠯᠪᠤᠷᠢᠯᠠᠵᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠪᠣᠳᠠᠲᠠᠢ ᠬᠡᠷᠡᠭᠵᠢᠭᠦᠯᠬᠦ ᠶᠠᠪᠤᠴᠠ ᠳᠠᠬᠢ ᠲᠠᠶᠢᠯᠪᠤᠷᠢᠯᠠᠬᠤ ᠠᠵᠢᠯ ᠢ | ᠡᠭᠦᠷᠭᠡᠯᠡᠵᠦ᠂ ︽ᠭᠤᠶᠤᠴᠢᠯᠠᠬᠤ ᠮᠡᠳᠡᠭᠳᠡᠯ︾ ᠢ ᠣᠨ ᠢᠶᠠᠷ ᠲᠣᠭᠲᠠᠭᠠᠵᠤ ᠨᠡᠶᠢᠲᠡᠯᠡᠨ᠎ᠡ᠃ | ᠠᠷᠪᠠᠨ ᠨᠢᠭᠡᠳᠦᠭᠡᠷ ᠵᠦᠢᠯ ᠲᠤᠰ ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠂ | ᠬᠦᠴᠦᠨ ᠲᠠᠢ ᠬᠤᠭᠤᠴᠠᠭ᠎ᠠ ᠨᠢ 3 ᠵᠢᠯ᠃ | | | |