︵ᠰᠤᠷᠪᠤᠯᠵᠢᠯᠠᠭᠴᠢ ᠴᠢ ᠰᠢᠶᠣᠣ ᠶᠠᠨ︶ ᠡᠷᠡᠭᠦᠯᠵᠢᠯ ᠤᠨ ᠢᠳᠡᠭᠡᠨ ᠤ ᠠᠶᠤᠯᠭᠦᠢ ᠶᠢᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠵᠤ᠂ ᠤᠯᠠᠨ | ᠲᠦᠮᠡᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠨ ᠲᠤᠷᠰᠢ᠂ ᠮᠠᠨ ᠤ ᠬᠤᠳᠠ ᠶᠢᠨ | ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠢ ᠳ᠋ᠢ ᠨᠠ ᠹᠧᠢ︾ ᠶᠢᠨ ᠬᠤᠣᠷ ᠲᠠᠢ ᠬᠥᠨᠥᠭᠡᠯ ᠲᠠᠢ | ᠪᠦᠷᠢᠯᠳᠦᠭᠦᠨ ᠲᠠᠢ ᠡᠷᠡᠭᠦᠯᠵᠢᠯ ᠤᠨ ᠢᠳᠡᠭᠡᠨ ᠢ ᠬᠠᠤᠯᠢ ᠪᠤᠰᠤ ᠪᠠᠷ ᠪᠣᠷᠣᠯᠠᠭᠤᠯᠤᠭᠰᠠᠨ ᠦᠢᠯᠡ ᠠᠵᠢᠯᠯᠠᠭ᠎ᠠ ᠳᠤ ᠲᠤᠰᠬᠠᠢ ᠪᠠᠶᠢᠴᠠᠭᠠᠯᠲᠠ ᠬᠢᠵᠡᠢ᠃ | ᠲᠣᠰ ᠤᠳᠠᠭᠠᠨ ᠤ ᠲᠤᠰᠬᠠᠢ ᠪᠠᠶᠢᠴᠠᠭᠠᠯᠲᠠ ᠨᠢ ᠰᠠᠶᠢᠬᠠᠨ ᠲᠣᠭᠤᠷᠢᠭ ᠤᠨ ᠬᠡᠪᠴᠢᠶᠡᠨ ᠳᠠᠬᠢ ᠡᠮ ᠤᠨ ᠳᠡᠯᠭᠡᠭᠦᠷ᠂ ᠲᠥᠯᠥᠪᠯᠡᠭᠡᠲᠦ ᠦᠷᠡᠵᠢᠯ ᠤᠨ | ᠬᠡᠷᠡᠭᠰᠡᠯ ᠤᠨ ᠳᠡᠯᠭᠡᠭᠦᠷ ᠵᠡᠷᠭᠡ ᠪᠣᠷᠤᠯᠠᠭᠤᠯᠭ᠎ᠠ ᠶᠢᠨ ᠲᠠᠯᠠᠪᠤᠷ ᠢᠶᠠᠷ ᠭᠤᠣᠯᠳᠠᠯᠭ᠎ᠠ ᠪᠣᠯᠭᠠᠵᠤ᠂ ᠣᠲᠣ ᠪᠣᠯᠲᠠᠯ᠎ᠠ ᠨᠡᠶᠢᠲᠡ 136 ᠡᠷᠡᠭᠦᠯᠵᠢᠯ ᠤᠨ ᠢᠳᠡᠭᠡᠨ ᠤ | ᠡᠵᠡᠩᠨᠡᠯᠲᠡ ᠪᠣᠷᠤᠯᠠᠭᠤᠯᠭ᠎ᠠ ᠶᠢᠨ ᠳᠡᠯᠭᠡᠭᠦᠷ ᠢ ᠪᠠᠶᠢᠴᠠᠭᠠᠵᠤ᠂ ᠡᠷᠡᠭᠦᠯᠵᠢᠯ ᠤᠨ ᠢᠳᠡᠭᠡᠨ ᠤ ᠠᠶᠤᠯᠭᠦᠢ ᠶᠢᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠦᠷ | ᠢᠯᠡᠷᠡᠭᠦᠯᠦᠭᠰᠡᠨ ᠦᠭᠡᠢ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢᠳ ᠲᠤ ᠡᠷᠡᠭᠦᠯᠵᠢᠯ ᠤᠨ ᠢᠳᠡᠭᠡᠨ ᠤ ᠠᠶᠤᠯᠭᠦᠢ ᠶᠢᠨ | ᠤᠬᠠᠭᠤᠯᠭ᠎ᠠ ᠬᠥᠮᠦᠵᠢᠯ ᠬᠢᠵᠦ᠂ ᠡᠵᠡᠩᠨᠡᠭᠴᠢᠳ ᠲᠤ ᠵᠢᠩᠬᠢᠨᠢ ᠠᠷᠭ᠎ᠠ ᠵᠠᠮ ᠢᠶᠠᠷ ᠪᠠᠷᠠᠭ᠎ᠠ ᠣᠷᠣᠭᠤᠯᠬᠤ ᠶᠢ ᠱᠠᠭᠠᠷᠳᠠᠵᠤ᠂ ᠪᠠᠷᠠᠭ᠎ᠠ ᠬᠠᠩᠭᠠᠭᠴᠢ ᠶᠢᠨ | ᠵᠥᠪᠰᠢᠶᠡᠷᠡᠯ ᠤᠨ ᠦᠨᠡᠮᠯᠡᠯ ᠪᠠ ᠦᠢᠯᠡᠳᠬᠦᠨ ᠤ ᠦᠢᠯᠡᠳᠪᠦᠷᠢ ᠠᠴᠠ ᠭᠠᠷᠬᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠪᠤᠶᠤ ᠪᠤᠰᠤᠳ ᠬᠢᠷᠢ | ᠲᠡᠩᠴᠡᠭᠰᠡᠨ ᠭᠡᠷᠡᠴᠢ ᠶᠢ ᠪᠠᠶᠢᠴᠠᠭᠠᠨ ᠰᠢᠯᠭᠠᠪᠠ᠃ | ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠷᠡᠭᠦᠯᠵᠢᠯ ᠤᠨ ᠢᠳᠡᠭᠡᠨ ᠤ | ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠲᠣᠭᠲᠠᠭᠠᠯ ᠠᠴᠠ ᠵᠥᠷᠢᠴᠡᠨ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠡᠷᠡᠭᠦᠯᠵᠢᠯ ᠤᠨ ᠢᠳᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ |