ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠦᠵᠡᠮᠵᠢ ᠶᠢᠨ ᠣᠷᠣᠨ᠂ ᠰᠤᠷᠭᠠᠭᠤᠯᠢ ᠶᠢᠨ ᠬᠤᠭᠤᠯᠠᠨ ᠬᠡᠷ᠂ ᠵᠢᠵᠢᠭ ᠬᠤᠭᠤᠯᠠᠨ ᠰᠢᠷᠡᠭᠡᠨ ᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠵᠦ ᠢᠳᠡᠭᠡᠨ ᠤ ᠠᠮᠤᠷ ᠲᠦᠪᠰᠢᠨ ᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/10/16
      ᠠᠷᠠᠳ ᠤᠯᠠᠨ ᠢ ᠰᠠᠨᠠᠭ᠎ᠠ ᠠᠮᠤᠷ ᠢᠳᠡᠭᠦᠯᠵᠦ᠂ ᠥᠷᠭᠡᠨ ᠤᠯᠠᠨ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠶᠡᠭᠡ ᠵᠤᠤ ᠦᠵᠡᠮᠵᠢ ᠶᠢᠨ ᠲᠤᠭᠤᠷᠢᠭ᠂ ᠡᠯ᠎ᠡ ᠰᠤᠷᠭᠠᠭᠤᠯᠢ ᠶᠢᠨ ᠬᠤᠭᠤᠯᠠᠨ ᠭᠡᠷ᠂ ᠵᠢᠵᠢᠭ ᠬᠤᠭᠤᠯᠠᠨ ᠰᠢᠷᠡᠭᠡᠨ ᠳᠤ ᠲᠤᠰᠬᠠᠢ ᠪᠠᠶᠢᠴᠠᠭᠠᠯᠲᠠ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ ᠶᠢᠨ ᠬᠠᠮᠲᠤ ᠢᠳᠡᠭᠡᠨ ᠤ ᠠᠮᠤᠷ ᠲᠦᠪᠰᠢᠨ ᠤ ᠪᠣᠯᠪᠠᠰᠤᠷᠠᠯ ᠢ ᠥᠷᠨᠢᠭᠦᠯᠵᠦ᠂ ᠠᠮᠤᠷ ᠲᠦᠪᠰᠢᠨ᠂ ᠵᠢᠷᠤᠮᠵᠢᠭᠰᠠᠨ ᠢᠳᠡᠭᠡᠨ ᠤᠮᠳᠠᠭᠠᠨ ᠤ ᠬᠤᠭᠤᠯᠠ ᠢᠳᠡᠬᠦ ᠣᠷᠴᠢᠨ ᠨᠦᠬᠦᠴᠡᠯ ᠢ ᠪᠤᠢ ᠪᠣᠯᠭᠠᠪᠠ᠃      ᠬᠠᠤᠯᠢ ᠬᠡᠷᠡᠭᠵᠢᠭᠦᠯᠬᠦ ᠠᠵᠢᠯᠲᠠᠨ ᠭᠤᠤᠯᠳᠠᠭᠤ ᠵᠢᠷᠭᠤᠭᠠᠨ ᠲᠠᠯ᠎ᠠ ᠪᠠᠷ ᠪᠠᠶᠢᠴᠠᠭᠠᠯᠲᠠ ᠦᠷᠨᠢᠭᠦᠯᠪᠡ᠄ ᠨᠢᠭᠡ ᠳᠤ ᠡᠵᠡᠩᠨᠡᠯᠲᠡ ᠶᠢᠨ ᠨᠢᠭᠡᠴᠢ ᠶᠢᠨ ᠪᠡᠶᠡᠴᠢ ᠴᠣᠭᠴᠠ ᠶᠢᠨ ᠬᠢᠷᠢ ᠬᠡᠮ ᠢ ᠪᠠᠶᠢᠴᠠᠭᠠᠵᠤ᠂ ᠡᠵᠡᠩᠨᠡᠭᠴᠢ ᠶᠢᠨ ᠦᠨᠡᠮᠯᠡᠯ ᠤᠨ ᠪᠦᠷᠢᠨ ᠭᠦᠢᠴᠡᠳ ᠪᠠᠶᠢᠬᠤ ᠡᠰᠡᠬᠦ ᠶᠢ ᠪᠠᠶᠢᠴᠠᠭᠠᠨ ᠦᠵᠡᠨ᠎ᠡ︔ ᠬᠤᠶᠠᠷ ᠲᠤ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠠᠶᠤᠯᠭᠦᠶ ᠶᠢᠨ ᠮᠡᠳᠡᠯᠭᠡ ᠶᠢᠨ ᠪᠣᠯᠪᠠᠰᠤᠷᠠᠭᠤᠯᠤᠯ ᠤᠨ ᠪᠠᠶᠢᠳᠠᠯ ᠢ ᠪᠠᠶᠢᠴᠠᠭᠠᠨ᠎ᠠ︔ ᠭᠤᠷᠪᠠ ᠳᠤ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠭᠡᠷᠡᠴᠢ ᠪᠠᠷᠢᠮᠲᠠ ᠠᠪᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠪᠠᠷᠠᠭ᠎ᠠ ᠣᠷᠣᠭᠤᠯᠤᠭᠰᠠᠨ ᠡᠬᠡ ᠲᠠᠩᠰᠠ ᠶᠢᠨ ᠲᠡᠮᠳᠡᠭᠯᠡᠯ ᠢ ᠪᠠᠶᠢᠴᠠᠭᠠᠨ ᠦᠵᠡᠨ᠎ᠡ︔ ᠲᠦᠷᠪᠡ ᠳᠤ ᠬᠤᠭᠤᠴᠠᠭ᠎ᠠ ᠠᠴᠠ ᠬᠡᠲᠦᠷᠡᠭᠰᠡᠨ᠂ ᠴᠢᠨᠠᠷ ᠬᠤᠪᠢᠷᠬᠠᠰᠠᠨ ᠵᠡᠷᠭᠡ ᠬᠢᠷᠢ ᠲᠡᠩᠴᠡᠬᠦ ᠦᠭᠡᠢ ᠢᠳᠡᠭᠡᠨ ᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠲᠠᠪᠤ ᠳᠤ ᠲᠣᠭᠤᠭᠠᠨ ᠬᠡᠷ ᠤᠨ ᠲᠥᠬᠦᠭᠡᠷᠦᠮᠵᠢ ᠶᠢᠨ ᠠᠷᠢᠭᠤᠨ ᠴᠡᠪᠡᠷ᠂ ᠬᠤᠭᠤᠯᠠ ᠢᠳᠡᠬᠦ ᠣᠷᠴᠢᠨ ᠲᠣᠭᠤᠷᠢᠨ᠂ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠠᠲᠤᠯᠠᠭ᠎ᠠ᠂ ᠢᠳᠡᠭᠡᠨ ᠢ ᠪᠣᠯᠪᠠᠰᠤᠷᠠᠭᠤᠯᠬᠤ ᠶᠠᠪᠤᠴᠠ᠂ ᠢᠳᠡᠭᠡᠨ ᠤ ᠶᠠᠩᠵᠤ ᠦᠯᠡᠳᠡᠭᠡᠬᠦ ᠵᠡᠷᠭᠡ ᠭᠤᠭᠴᠤᠭ᠎ᠠ ᠶᠢ ᠪᠠᠶᠢᠴᠠᠭᠠᠨ᠎ᠠ︔ ᠵᠢᠷᠭᠤᠭ᠎ᠠ ᠳᠤ᠂ ᠰᠢᠲᠠᠮᠠᠬᠠᠢ ᠬᠡᠢ ᠶᠢᠨ ᠵᠤᠤᠬ᠎ᠠ᠂ ᠰᠢᠲᠠᠮᠠᠬᠠᠢ ᠬᠡᠢ ᠶᠢᠨ ᠭᠤᠮ ᠬᠤᠭᠤᠯᠠᠢ᠂ ᠳᠠᠷᠤᠯᠲᠠ ᠪᠠᠭᠤᠷᠠᠭᠤᠯᠬᠤ ᠨᠡᠭᠡᠯᠡᠬᠡᠢ᠂ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠵᠡᠷᠭᠡ ᠡᠯ᠎ᠡ ᠲᠦᠷᠦᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠡᠰᠡᠬᠦ᠂ ᠡᠵᠡᠩᠨᠡᠯᠲᠡ ᠶᠢᠨ ᠲᠠᠯᠠᠪᠤᠷ ᠲᠠᠬᠢ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠪᠦᠲᠦᠨ ᠪᠥᠭᠡᠳ ᠪᠦᠲᠦᠮᠵᠢᠲᠡᠢ ᠪᠠᠶᠢᠬᠤ ᠡᠰᠡᠬᠦ᠂ ᠲᠠᠷᠬᠠᠭᠠᠬᠤ ᠵᠠᠮ ᠰᠠᠭᠠᠳ ᠦᠭᠡᠢ ᠨᠡᠪᠲᠡᠷᠡᠭᠰᠡᠨ ᠡᠰᠡᠬᠦ ᠵᠢᠴᠢ ᠭᠠᠯ ᠬᠡᠷᠡᠭᠯᠡᠭᠰᠡᠨ᠂ ᠴᠠᠬᠢᠯᠭᠠᠨ ᠬᠡᠷᠡᠭᠯᠡᠭᠰᠡᠨ ᠨᠢ ᠵᠢᠷᠤᠮᠵᠢᠯ ᠲᠠᠢ ᠪᠠᠶᠢᠬᠤ ᠡᠰᠡᠬᠦ ᠵᠡᠷᠭᠡ ᠪᠠᠶᠢᠳᠠᠯ ᠢ ᠪᠠᠶᠢᠴᠠᠭᠠᠨ ᠦᠵᠡᠨ᠎ᠡ᠃      ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠪᠠᠷ ᠳᠠᠮᠵᠢᠭᠤᠯᠤᠨ᠂ ᠡᠯ᠎ᠡ ᠡᠵᠡᠩᠨᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭᠠᠲᠠᠨ ᠵᠢᠴᠢ ᠰᠤᠷᠭᠠᠭᠤᠯᠢ᠂ ᠵᠢᠵᠢᠭ ᠬᠤᠭᠤᠯᠠᠨ ᠰᠢᠷᠡᠭᠡᠨ ᠤ ᠡᠵᠡᠩᠨᠡᠯᠲᠡ ᠶᠢᠨ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠨ ᠬᠠᠮᠢᠶᠠᠷᠬᠤ ᠠᠵᠢᠯᠲᠠᠨ ᠤ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠣᠷᠣᠭᠴᠢ᠂ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠵᠤ᠂ ᠣᠯᠠᠨ ᠲᠦᠮᠡᠨ ᠢ ᠰᠠᠨᠠᠭ᠎ᠠ ᠠᠮᠤᠷ ᠪᠠᠶᠢᠯᠭᠠᠨ᠎ᠠ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ