| | | ᠠᠯᠲᠠᠨ ᠨᠠᠮᠤᠷ ᠤᠨ ᠠᠷᠪᠠᠨ ᠰᠠᠷ᠎ᠠ ᠳᠤ᠂ ᠲᠣᠭᠲᠠᠬᠤ ᠰᠢᠶᠠᠨ ᠤ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ᠂ ᠵᠠᠭᠤᠨ ᠲᠦᠮᠡ ᠰᠢᠬᠠᠮ ᠮᠦ | ᠡᠷᠳᠡᠨᠢ ᠰᠢᠰᠢ ᠡᠯᠪᠡᠭ ᠬᠤᠷᠢᠶᠠᠯᠲᠠ ᠣᠯᠵᠤ᠂ ᠡᠯ᠎ᠡ ᠪᠠᠯᠭᠠᠰᠤᠨ ᠤ ᠲᠠᠷᠢᠶᠠᠴᠢᠳ ᠲᠤᠩᠭᠠᠯᠠᠭ ᠰᠠᠶᠢᠬᠠᠨ ᠴᠠᠭ ᠠᠭᠤᠷ ᠢ ᠠᠮᠵᠢᠵᠤ᠂ ᠡᠷᠳᠡᠨᠢ ᠰᠢᠰᠢ ᠬᠠᠳᠤᠵᠤ | ᠬᠤᠷᠢᠶᠠᠬᠤ ᠮᠠᠰᠢᠨ ᠢᠶᠠᠷ ᠲᠠᠷᠢᠶ᠎ᠠ ᠬᠠᠳᠤᠵᠤ ᠬᠤᠷᠢᠶᠠᠬᠤ᠂ ᠮᠦᠯᠢᠬᠦ᠂ ᠡᠰᠢ ᠰᠦᠷᠡᠯ ᠢ ᠬᠡᠮᠬᠡᠯᠡᠬᠦ᠂ ᠲᠡᠷᠭᠡᠨ ᠳᠤ ᠲᠡᠭᠡᠭᠡᠬᠦ ᠠᠵᠢᠯ ᠢ ᠬᠤᠶᠢᠨ᠎ᠠ ᠬᠤᠶᠢᠨ᠎ᠠ ᠨᠢ | ᠶᠠᠪᠤᠭᠳᠠᠭᠤᠯᠵᠤ᠂ ᠲᠠᠷᠢᠶ᠎ᠠ ᠬᠤᠷᠢᠶᠠᠬᠤ ᠠᠵᠢᠯ ᠪᠦᠬᠦ ᠲᠠᠯ᠎ᠠ ᠪᠠᠷ ᠡᠬᠢᠯᠡᠯ᠎ᠡ᠃ | ᠡᠨᠡ ᠵᠢᠯ᠂ ᠲᠣᠭᠲᠠᠬᠤ ᠰᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ᠂ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠰᠢᠰᠲ᠋ᠧᠮ ᠢ ᠴᠢᠩᠭᠠᠳᠬᠠᠬᠤ᠂ ᠪᠦᠬᠦ ᠶᠠᠪᠤᠴᠠ ᠶᠢ ᠮᠧᠬᠠᠨᠢᠭᠵᠢᠭᠤᠯᠤᠨ ᠠᠵᠢᠯᠯᠠᠬᠤ ᠵᠡᠷᠭᠡ | ᠦᠢᠯᠡᠳᠪᠦᠷᠢᠯᠡᠯ ᠤᠨ ᠮᠡᠷᠭᠡᠵᠢᠯ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ 99.35 ᠲᠦᠮᠡᠨ ᠮᠦ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ | ᠲᠣᠭᠲᠠᠭᠤᠨ ᠢᠶᠠᠨ ᠳᠡᠭᠡᠭᠰᠢᠯᠡᠵᠡᠢ᠂ ᠡᠭᠦᠨ ᠳᠤ 24 ᠲᠦᠮᠡᠨ ᠮᠦ ᠢᠳᠡᠰᠢ ᠪᠣᠷᠳᠣᠭᠠᠨ ᠳᠤ ᠴᠥᠮ ᠬᠡᠷᠡᠭᠯᠡᠬᠦ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ | ᠨᠢᠭᠡᠨᠲᠡ ᠪᠦᠬᠦᠨ ᠢ ᠬᠠᠳᠤᠵᠤ ᠳᠠᠭᠤᠰᠬᠠᠭᠠᠳ ᠪᠥᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠠᠯᠲᠠ ᠪᠠᠨ ᠴᠢᠨᠠᠷ ᠰᠠᠶᠢᠲᠠᠢ ᠪᠡᠶᠡᠯᠡᠭᠦᠯᠦᠭᠰᠡᠨ ᠤ | ᠬᠠᠮᠲᠤ ᠪᠠᠰᠠ ᠲᠤᠬᠠᠢ ᠶᠢᠨ ᠭᠠᠵᠠᠷ ᠤᠨ ᠰᠦ ᠶᠢᠨ ᠦᠢᠯᠡᠰ ᠤᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠰᠤᠷᠪᠤᠯᠵᠢᠯᠠᠭᠴᠢ ᠮᠢᠶᠣᠣ | ᠴᠢᠩ ᠴᠢᠮᠡᠭᠡᠯᠡᠭᠴᠢ ᠥᠷᠭᠡᠨ ᠰᠡᠭᠦᠳᠡᠷᠯᠡᠪᠡ |