︵ᠰᠤᠷᠪᠤᠯᠵᠢᠯᠠᠭᠴᠢ ᠯᠢᠦ ᠱᠠ ᠱᠠ︶ ᠣᠶᠢᠷ᠎ᠠ ᠳᠤ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠡᠨᠡ ᠵᠢᠯ ᠤᠨ ᠲᠤᠷᠰᠢ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠵᠦ᠂ ᠮᠠᠨ ᠤ | ᠬᠤᠲᠠ ᠶᠢᠨ ᠠᠭᠠᠷ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠪᠦᠲᠦᠮᠵᠢᠲᠡᠶ ᠠᠬᠢᠭᠤᠯᠤᠭᠰᠠᠨ ᠪᠠᠶᠢᠨ᠎ᠠ᠃ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠭᠠᠷ ᠤᠨ ᠶᠠᠰᠤ ᠴᠢᠨᠠᠷ ᠢ ᠡᠳᠦᠷ ᠪᠦᠷᠢ ᠮᠡᠳᠡᠭᠡᠯᠡᠬᠦ ᠳᠦᠷᠢᠮ ᠢ ᠬᠡᠷᠡᠭᠵᠢᠭᠦᠯᠬᠦ ᠪᠠᠷ | ᠳᠠᠮᠵᠢᠭᠤᠯᠤᠨ᠂ ᠡᠯ᠎ᠡ ᠬᠤᠰᠢᠭᠤ ᠰᠢᠶᠠᠨ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠪᠠᠶᠢᠳᠠᠯ ᠢ ᠡᠳᠦᠷ ᠪᠦᠷᠢ ᠮᠡᠳᠡᠭᠡᠯᠡᠵᠦ᠂ ᠬᠠᠷᠢᠶ᠎ᠠ ᠭᠠᠵᠠᠷ ᠤᠨ | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ︔ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠪᠠᠲᠤᠯᠠᠬᠤ ᠰᠢᠪᠲᠤᠯᠤᠯᠲᠠ ᠶᠢᠨ | ᠠᠵᠢᠯᠯᠠᠭ᠎ᠠ ᠥᠷᠨᠢᠭᠦᠯᠵᠦ᠂ ᠲᠣᠪᠴᠢᠶ᠎ᠠ ᠶᠢᠨ ᠤᠳᠤᠷᠢᠳᠤᠯᠭ᠎ᠠ ᠳᠠᠭᠠᠭᠤᠯᠤᠭᠰᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠢᠯᠡ ᠪᠠᠷ ᠪᠠᠶᠢᠴᠠᠭᠠᠬᠤ ᠪᠠ | ᠳᠠᠯᠳᠠᠭᠤᠷ ᠰᠤᠷᠪᠤᠯᠵᠢᠯᠠᠬᠤ ᠶᠢ ᠤᠶᠠᠯᠳᠤᠭᠤᠯᠤᠨ᠂ ᠭᠡᠷ ᠤᠨ ᠭᠠᠳᠠᠨᠠᠬᠢ ᠰᠢᠷᠠᠯᠭ᠎ᠠ ᠱᠣᠷᠣᠯᠠᠭ ᠤᠨ ᠠᠰᠠᠭᠤᠳᠠᠯ᠂ ᠴᠠᠶᠢᠶ᠋ᠢᠦ ᠲᠣᠰᠣ ᠲᠦᠯᠡᠳᠡᠭ ᠪᠠᠷᠠᠭᠠᠨ ᠤ | ᠲᠡᠷᠭᠡ ᠲᠣᠭᠲᠠᠭᠠᠭᠰᠠᠨ ᠴᠠᠭ ᠪᠠ ᠲᠣᠭᠲᠠᠭᠠᠭᠰᠠᠨ ᠵᠠᠮ ᠱᠤᠭᠤᠮ ᠠᠴᠠ ᠭᠠᠳᠠᠭᠤᠷ ᠬᠤᠲᠠ ᠳᠤ ᠣᠷᠣᠬᠤ ᠠᠰᠠᠭᠤᠳᠠᠯ᠂ ᠪᠠᠷᠢᠯᠭ᠎ᠠ ᠶᠢᠨ ᠭᠠᠵᠠᠷ ᠤᠨ ︽ | ᠵᠢᠷᠭᠤᠭᠠᠨ ᠵᠠᠭᠤᠨ ᠤ ᠵᠠᠭᠤ︾ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠤᠭᠰᠠᠨ ᠦᠭᠡᠢ ᠠᠰᠠᠭᠤᠳᠠᠯ᠂ ᠵᠠᠮ ᠳᠡᠭᠡᠷ᠎ᠡ ᠲᠣᠰᠣ ᠳᠡᠪᠢᠰᠬᠦ᠂ ᠲᠣᠰᠣ | ᠨᠥᠬᠦᠬᠦ ᠪᠠ ᠪᠠᠷᠢᠯᠭ᠎ᠠ ᠶᠢᠨ ᠭᠠᠵᠠᠷ ᠤᠨ ᠭᠠᠳᠠᠨ᠎ᠠ ᠪᠣᠰᠤᠭ᠎ᠠ ᠲᠠᠯ᠎ᠠ ᠶᠢ ᠲᠣᠭᠲᠠᠭᠠᠭᠰᠠᠨ ᠴᠠᠭ ᠠᠴᠠ ᠭᠠᠳᠠᠨ᠎ᠠ ᠰᠦᠷᠴᠢᠨ ᠰᠢᠷᠳᠡᠬᠦ ᠵᠡᠷᠭᠡ ᠳᠥᠷᠪᠡᠨ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠮᠡᠳᠡᠭᠡᠯᠡᠬᠦ ᠳᠦᠷᠢᠮ ᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠴᠡᠭᠴᠡᠯᠡᠨ | ᠰᠠᠶᠢᠵᠢᠷᠠᠭᠤᠯᠪᠠ︔ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠵᠢᠭᠰᠠᠭᠠᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠲᠤᠶᠢᠯᠪᠤᠷᠢᠲᠠᠢ | ᠥᠭᠡᠷᠡᠴᠢᠯᠡᠭᠰᠡᠨ ᠦᠭᠡᠢ᠂ ᠪᠣᠳᠠᠲᠠᠶᠢᠵᠢᠭᠤᠯᠤᠭᠰᠠᠨ ᠦᠭᠡᠢ᠂ ᠡᠪᠦᠯ ᠤᠨ ᠤᠯᠠᠷᠢᠯ ᠳᠤ ᠮᠥᠨ ᠬᠦ ᠲᠦᠭᠦᠬᠡᠢ ᠨᠡᠭᠦᠷᠡᠰᠦ ᠶᠢ ᠰᠢᠲᠠᠭᠠᠵᠤ ᠮᠡᠳᠡᠬᠦ ᠭᠠᠵᠠᠷ | ᠣᠷᠣᠨ ᠢ ᠰᠡᠭᠦᠳᠡᠷᠯᠡᠨ ᠲᠠᠩᠰᠠ ᠡᠪᠬᠡᠮᠡᠯ ᠳᠤ ᠦᠯᠡᠳᠡᠭᠡᠵᠦ᠂ ᠭᠠᠷᠠᠭ ᠪᠦᠷᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠳᠤ ᠮᠡᠳᠡᠭᠳᠡᠪᠡ᠃ | ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠮᠠᠨ ᠤ ᠬᠤᠲᠠ ᠶᠢᠨ 9 ᠳ᠋ᠦ᠋ᠭᠡᠷ ᠰᠠᠷ᠎ᠠ ᠶᠢᠨ ᠠᠭᠠᠷ ᠤᠨ ᠶᠠᠰᠤ ᠴᠢᠨᠠᠷ ᠴᠥᠮ ᠰᠢᠯᠢᠳᠡᠭ ᠰᠠᠶᠢᠨ᠂ | ᠬᠦᠨᠳᠦ ᠲᠠᠰ ᠠᠴᠠ ᠳᠡᠭᠡᠭᠰᠢ ᠪᠣᠬᠢᠷᠲᠤᠯ ᠲᠠᠢ ᠴᠠᠭ ᠠᠭᠤᠷ ᠭᠠᠷᠤᠭᠰᠠᠨ ᠦᠭᠡᠢ᠂ PM2.5᠂ ᠣᠽᠣᠨ ᠤ ᠳᠤᠮᠳᠠᠴᠢ ᠥᠳᠬᠡᠴᠡ ᠠᠳᠠᠯᠢ ᠬᠤᠭᠤᠴᠠᠭᠠᠨ ᠤ | ᠬᠢ ᠠᠴᠠ ᠲᠣᠰ ᠲᠣᠰ 4.0᠂ 3.2 ᠵᠠᠭᠤᠨ ᠤ ᠨᠢᠭᠡᠴᠢ ᠪᠠᠭᠤᠷᠠᠪᠠ᠃ |