︵ᠰᠤᠷᠪᠤᠯᠵᠢᠯᠠᠭᠴᠢ ᠯᠢᠦ ᠱᠠ ᠱᠠ︶ ᠣᠶᠢᠷ᠎ᠠ ᠳᠤ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ 9 | ᠳ᠋ᠦ᠋ᠭᠡᠷ ᠰᠠᠷ᠎ᠠ ᠳᠤ ᠮᠠᠨ ᠤ ᠬᠤᠲᠠ ᠶᠢᠨ ᠭᠠᠵᠠᠷ ᠤᠨ ᠭᠠᠳᠠᠷᠭᠤ ᠶᠢᠨ ᠤᠰᠤ ᠤᠯᠤᠰ ᠤᠨ ᠣᠭᠲᠣᠯᠣᠭᠠᠰᠤ ᠶᠢᠨ ᠤᠰᠤᠨ ᠤ ᠴᠢᠨᠠᠷ ᠤᠨ ᠬᠢᠨᠠᠨ ᠰᠢᠯᠭᠠᠯᠲᠠ ᠳᠤ | ᠶᠡᠷᠦᠩᠬᠡᠢ ᠳᠡᠭᠡᠨ ᠰᠠᠶᠢᠵᠢᠷᠠᠵᠤ᠂ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠬᠦᠷᠴᠡᠢ᠃ | ᠤᠯᠤᠰ ᠤᠨ ᠮᠠᠯᠲᠠᠬᠤ ᠪᠠ ᠬᠡᠮᠵᠢᠬᠦ ᠶᠢ ᠰᠠᠯᠭᠠᠭᠰᠠᠨ ᠬᠢᠨᠠᠨ ᠬᠡᠮᠵᠢᠯᠲᠡ ᠶᠢᠨ ᠦᠷ᠎ᠡ ᠳ᠋ᠦᠩ ᠢ ᠦᠨᠳᠦᠰᠦᠯᠡᠪᠡᠯ᠂ ᠬᠠᠲᠤᠨ ᠭᠤᠣᠯ ᠤᠨ ᠯᠠᠮᠠ ᠶᠢᠨ | ᠲᠣᠬᠤᠢ᠂ ᠸᠠᠨ ᠵᠢᠶᠠ ᠵᠠᠢ ᠤᠰᠤᠨ ᠴᠥᠭᠦᠷᠥᠮ ᠤᠨ ᠣᠭᠲᠣᠯᠣᠭᠠᠰᠤ ᠶᠢᠨ ᠤᠰᠤᠨ ᠤ ᠴᠢᠨᠠᠷ ᠨᠢ ᠴᠥᠮ Ⅱ ᠲᠥᠷᠥᠯ ᠪᠠᠶᠢᠵᠤ᠂ ᠤᠯᠠᠭᠠᠨᠮᠥ᠋ᠷᠡᠨ ᠤ ᠬᠠᠲᠤᠨ | ᠭᠤᠣᠯ ᠳᠤ ᠴᠢᠳᠬᠤᠬᠤ ᠭᠠᠵᠠᠷ ᠤᠨ ᠣᠭᠲᠣᠯᠣᠭᠠᠰᠤ ᠶᠢᠨ ᠤᠰᠤᠨ ᠤ ᠴᠢᠨᠠᠷ ᠨᠢ Ⅲ ᠲᠥᠷᠥᠯ ᠪᠠᠶᠢᠵᠤ᠂ ᠶᠡᠭᠡ ᠲᠦᠷᠭᠡᠨ ᠭᠤᠣᠯ ᠤᠨ ᠬᠠᠲᠤᠨ ᠭᠤᠣᠯ ᠳᠤ | ᠴᠢᠳᠬᠤᠬᠤ ᠭᠠᠵᠠᠷ᠂ ᠪᠠᠭ᠎ᠠ ᠲᠦᠷᠭᠡᠨ ᠭᠤᠣᠯ ᠤᠨ ᠭᠤᠷᠪᠠᠳᠤᠭᠠᠷ ᠬᠠᠭᠠᠯᠲᠠ ᠶᠢᠨ ᠡᠮᠦᠨᠡᠬᠢ ᠣᠭᠲᠣᠯᠣᠭᠠᠰᠤ ᠶᠢᠨ ᠤᠰᠤᠨ ᠤ ᠴᠢᠨᠠᠷ ᠨᠢ ᠴᠥᠮ Ⅳ | ᠲᠥᠷᠥᠯ ᠪᠠᠶᠢᠵᠤ᠂ ᠪᠦᠬᠦᠨ ᠢᠶᠠᠷ ᠢᠶᠠᠨ ᠬᠢᠨᠠᠨ ᠰᠢᠯᠭᠠᠬᠤ ᠬᠠᠷᠠᠯᠲᠠ ᠶᠢᠨ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃ ᠡᠭᠦᠨ ᠳᠤ 6 ︱ 8 ᠳ᠋ᠤᠭᠠᠷ ᠰᠠᠷ᠎ᠠ ᠳᠤ | ᠪᠠᠷᠢᠮᠵᠢᠶ᠎ᠠ ᠠᠴᠠ ᠬᠡᠲᠦᠷᠡᠭᠰᠡᠨ ᠶᠡᠭᠡ ᠲᠦᠷᠭᠡᠨ ᠭᠤᠣᠯ ᠤᠨ ᠬᠠᠲᠤᠨ ᠭᠤᠣᠯ ᠳᠤ ᠴᠢᠳᠬᠤᠬᠤ᠂ ᠪᠠᠭ᠎ᠠ ᠲᠦᠷᠭᠡᠨ ᠭᠤᠣᠯ ᠤᠨ ᠭᠤᠷᠪᠠᠳᠤᠭᠠᠷ ᠬᠠᠭᠠᠯᠲᠠ ᠶᠢᠨ | ᠡᠮᠦᠨᠡᠬᠢ ᠣᠭᠲᠣᠯᠣᠭᠠᠰᠤ ᠶᠢᠨ ᠤᠰᠤᠨ ᠤ ᠴᠢᠨᠠᠷ ᠨᠢ ᠴᠥᠮ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ ᠢᠯᠠᠩᠭᠤᠶ᠎ᠠ ᠪᠠᠭ᠎ᠠ ᠲᠦᠷᠭᠡᠨ ᠭᠤᠣᠯ ᠤᠨ ᠭᠤᠷᠪᠠᠳᠤᠭᠠᠷ | ᠬᠠᠭᠠᠯᠲᠠ ᠶᠢᠨ ᠡᠮᠦᠨᠡᠬᠢ ᠣᠭᠲᠣᠯᠣᠭᠠᠰᠤ ᠶᠢᠨ ᠤᠰᠤᠨ ᠤ ᠴᠢᠨᠠᠷ ᠨᠢ 7 ᠳ᠋ᠤᠭᠠᠷ ᠰᠠᠷ᠎ᠠ᠂ 8 ᠳ᠋ᠤᠭᠠᠷ ᠰᠠᠷ᠎ᠠ ᠶᠢᠨ ᠬᠢ ᠠᠴᠠ ᠬᠤᠶᠠᠷ ᠲᠥᠷᠥᠯ ᠳᠡᠭᠡᠭᠰᠢᠯᠡᠵᠦ᠂ | ᠤᠰᠤᠨ ᠤ ᠴᠢᠨᠠᠷ ᠨᠢ ᠢᠯᠡᠳᠲᠡ ᠰᠠᠶᠢᠵᠢᠷᠠᠭᠰᠠᠨ ᠪᠠᠶᠢᠨ᠎ᠠ᠃ |