ᠪᠣᠣ ᠭᠠᠩ ᠡᠬᠢᠯᠡᠨ ᠨᠡᠪᠲᠡᠷᠡᠭᠦᠯᠬᠦ ᠶᠣᠰᠣᠯᠠᠯ ᠳᠤ ᠣᠷᠣᠯᠴᠠᠵᠠᠢ | ᠥᠪᠥᠷ ᠮᠣᠩᠭᠤᠯ ᠤᠨ ᠡᠳᠦᠷ ᠤᠨ ᠰᠣᠨᠢᠨ ᠤ ᠬᠥᠬᠡᠬᠤᠲᠠ ᠶᠢᠨ ᠮᠡᠳᠡᠭᠡ ︵ᠰᠤᠷᠪᠤᠯᠵᠢᠯᠠᠭᠴᠢ ᠵᠧᠩ ᠰᠢᠦᠸᠡᠢ ᠯᠢᠶᠠᠩ︶ 10 ᠰᠠᠷ᠎ᠠ ᠶᠢᠨ 15 ᠤ | ᠡᠳᠦᠷ᠂ ᠲᠣᠮᠣ ᠬᠡᠯᠪᠡᠷᠢ ᠶᠢᠨ ᠬᠠᠮ ᠵᠠᠭᠤᠴᠢᠯᠠᠭᠤᠷ ᠤᠨ ᠰᠤᠶᠤᠯ ᠤᠨ ᠦᠵᠡᠰᠬᠦᠯᠡᠩ ᠤᠨ ᠶᠡᠷᠦᠩᠬᠡᠶᠢᠯᠡᠭᠰᠡᠨ ᠤᠷᠠᠯᠢᠭ ᠤᠨ ᠫᠷᠣᠭ᠍ᠷᠠᠮ ︽ᠤᠮᠠᠷᠠᠲᠤ ᠬᠢᠯᠢ ᠶᠢᠨ | ᠰᠣᠶᠣᠯ · ᠬᠥᠬᠡᠬᠤᠲᠠ ᠶᠢᠨ ᠰᠣᠶᠣᠯ ᠤᠨ ᠰᠤᠳᠠᠰᠤ︾ ᠶᠢ ᠡᠬᠢᠯᠡᠨ ᠨᠡᠪᠲᠡᠷᠡᠭᠦᠯᠬᠦ ᠶᠣᠰᠣᠯᠠᠯ ᠥᠪᠥᠷ ᠮᠣᠩᠭᠤᠯ ᠤᠨ ᠷᠠᠳᠢᠤ᠋ ᠲᠧᠯᠸᠢᠰ ᠬᠤᠷᠢᠶ᠎ᠠ ᠳᠤ | ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ | ᠡᠬᠢᠯᠡᠨ ᠨᠡᠪᠲᠡᠷᠡᠭᠦᠯᠬᠦ ᠶᠣᠰᠣᠯᠠᠯ ᠳᠤ ᠣᠷᠣᠯᠴᠠᠵᠠᠢ᠃ | ᠳᠤᠮᠳᠠᠳᠤ ᠶᠢᠨ ᠪᠣᠯᠪᠠᠰᠤᠨ ᠤ ᠡᠭᠦᠰᠦᠯᠲᠡ ᠶᠢᠨ ᠭᠠᠵᠠᠷ ᠪᠣᠯᠣᠨ ︽ᠤᠮᠠᠷᠠᠲᠤ ᠬᠢᠯᠢ ᠶᠢᠨ ᠰᠣᠶᠣᠯ︾ ᠤᠨ ᠲᠥᠪᠯᠡᠷᠡᠭᠰᠡᠨ ᠭᠠᠵᠠᠷ ᠪᠣᠯᠤᠭᠰᠠᠨ ᠤ | ᠬᠤᠪᠢ ᠳᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠰᠣᠶᠣᠯ ᠤᠨ ᠦᠢᠯᠡᠰ ᠢ ᠢᠮᠠᠭᠲᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠪᠦᠬᠦ ᠬᠤᠲᠠ ᠶᠢᠨ ᠬᠦᠴᠦᠨ ᠢ ᠳᠠᠶᠢᠴᠢᠯᠠᠨ᠂ ᠣᠷᠣᠨ ᠤ ᠲᠥᠪ ᠤᠨ ᠰᠣᠶᠣᠯ ᠤᠨ ᠴᠢᠳᠠᠪᠬᠢ ᠶᠢᠨ ᠲᠡᠰ ᠳᠠᠪᠬᠤᠷᠭ᠎ᠠ ᠶᠢ ᠳᠡᠭᠡᠭᠰᠢᠯᠡᠭᠦᠯᠵᠦ᠂ | ᠬᠤᠳᠠ ᠶᠢᠨ ᠰᠣᠶᠣᠯ ᠤᠨ ᠰᠤᠳᠠᠰᠤ ᠶᠢ ᠬᠠᠮᠠᠭᠠᠯᠠᠨ ᠤᠯᠠᠮᠵᠢᠯᠠᠪᠠ᠃ ︽ᠤᠮᠠᠷᠠᠲᠤ ᠬᠢᠯᠢ ᠶᠢᠨ ᠰᠣᠶᠣᠯ · ᠬᠥᠬᠡᠬᠤᠲᠠ ᠶᠢᠨ ᠰᠣᠶᠣᠯ ᠤᠨ ᠰᠤᠳᠠᠰᠤ︾ ᠨᠢ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠠᠯᠳᠠᠷᠲᠤ ᠰᠣᠶᠣᠯ ᠤᠨ ᠡᠷᠳᠡᠮᠲᠡᠨ᠂ ᠰᠣᠶᠣᠯ ᠦᠵᠡᠰᠬᠦᠯᠡᠩ ᠤᠨ ᠬᠦᠷᠢᠶ᠎ᠡ ᠴᠠᠷᠠᠭᠠᠨ ᠤ | ᠲᠤᠰᠬᠠᠢ ᠮᠡᠷᠭᠡᠵᠢᠯᠲᠡᠨ ᠢ ᠤᠷᠢᠵᠤ ᠬᠥᠬᠡᠬᠤᠲᠠ ᠶᠢᠨ ᠲᠡᠦᠬᠡ ᠰᠣᠶᠣᠯ ᠤᠨ ᠰᠤᠳᠠᠰᠤ ᠶᠢ ᠰᠢᠰᠲ᠋ᠧᠮ ᠲᠠᠢ ᠡᠮᠬᠢᠯᠡᠵᠦ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠶᠢᠨ ᠲᠡᠦᠬᠡᠨ ᠠᠬᠢᠴᠠ ᠶᠢ ᠭᠦᠢᠴᠡᠳ ᠢᠯᠡᠷᠡᠭᠦᠯᠪᠡ᠃ ᠲᠤᠰ ᠫᠷᠣᠭ᠍ᠷᠠᠮ ᠢ 10 ᠰᠠᠷ᠎ᠠ ᠶᠢᠨ 15 ᠤ ᠡᠳᠦᠷ ᠠᠴᠠ ᠡᠬᠢᠯᠡᠨ | ᠭᠠᠷᠠᠭ ᠤᠨ ᠡᠳᠦᠷ ᠪᠦᠷᠢ ᠶᠢᠨ ᠣᠷᠣᠢ ᠶᠢᠨ 19᠄ 35 ᠳᠤ ᠥᠪᠥᠷ ᠮᠣᠩᠭᠤᠯ ᠤᠨ ᠣᠳᠣᠨ ᠲᠧᠯᠸᠢᠰ᠂ ᠲᠡᠬᠦᠯᠢᠯᠳᠡ ᠬᠠᠮ ᠵᠠᠭᠤᠴᠢᠯᠠᠭᠤᠷ ᠤᠨ ᠰᠦᠯᠵᠢᠶ᠎ᠡ | ᠵᠢᠴᠢ ᠪᠦᠬᠦ ᠤᠯᠤᠰ ᠤᠨ ᠣᠯᠠᠨ ᠵᠠᠭᠤᠴᠢᠯᠠᠭᠤᠷ ᠤᠨ ᠲᠠᠪᠴᠠᠩ ᠳᠤ ᠵᠡᠷᠭᠡ ᠪᠠᠷ ᠨᠡᠪᠲᠡᠷᠡᠭᠦᠯᠵᠦ ᠪᠠᠶᠢᠨ᠎ᠠ᠃ |