ᠢᠦᠶ ᠴᠢᠤᠸᠠᠨ ᠲᠣᠭᠤᠷᠢᠭ ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢ ᠳᠡᠳᠭᠦᠭᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/10/23
      ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠥᠪᠥᠷ ᠮᠣᠩᠭᠤᠯ ᠤᠨ ᠤᠯᠠᠭᠠᠨ ᠨᠡᠷᠡᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠬᠠᠮᠲᠤᠷᠠᠨ ᠡᠷᠭᠢᠯᠡᠵᠦ᠂ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠪᠠᠭ᠎ᠠ ᠲᠦᠷᠭᠡᠨ ᠭᠤᠤᠯ ᠪᠠᠯᠭᠠᠰᠤᠨ ᠤ ᠭᠤᠤᠯ ᠰᠤᠷᠭᠠᠭᠤᠯᠢ ᠶᠢᠨ ᠲᠡᠯᠡᠶ ᠰᠤᠷᠭᠠᠭᠤᠯᠢ ᠶᠢᠨ ᠬᠠᠮᠲᠤᠷᠠᠨ ᠡᠷᠭᠢᠯᠡᠭᠰᠡᠨ ︽ᠢᠦᠶ ᠴᠢᠤᠸᠠᠨ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢ ᠲᠡᠳᠬᠦᠬᠦ ᠠᠵᠢᠯᠯᠠᠭ᠎ᠠ︾ ᠶᠢ ᠪᠠᠭ᠎ᠠ ᠲᠦᠷᠭᠡᠨ ᠭᠤᠤᠯ ᠪᠠᠯᠭᠠᠰᠤᠨ ᠤ ᠭᠤᠤᠯ ᠰᠤᠷᠭᠠᠭᠤᠯᠢ ᠶᠢᠨ ᠲᠡᠯᠡᠶ ᠲᠤᠰᠬᠤᠨ ᠰᠤᠷᠭᠠᠭᠤᠯᠢ ᠳᠤ ᠥᠷᠨᠢᠭᠦᠯᠵᠦ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠤᠷᠤᠭᠴᠢᠳ ᠤᠨ ᠳᠠᠷᠪᠠᠭᠤᠯ ᠬᠡᠶᠢᠰᠬᠡᠨ ᠬᠦᠰᠡᠯ ᠵᠡᠭᠦᠳᠦ ᠪᠠᠨ ᠪᠡᠶᠡᠯᠡᠭᠦᠯᠬᠦ ᠳᠤᠨᠢ ᠬᠠᠪᠰᠤᠷᠤᠮᠵᠢ ᠪᠣᠯᠭᠠᠨ᠂ ᠬᠠᠶᠢᠷ᠎ᠠ ᠰᠡᠳᠬᠢᠯᠭᠡ ᠪᠠᠷ ᠢᠶᠠᠨ ᠰᠤᠷᠤᠯᠭ᠎ᠠ ᠶᠢ ᠲᠡᠳᠬᠦᠵᠦ᠂ ᠡᠬᠡ ᠤᠯᠤᠰ ᠤᠨ ᠢᠶᠠᠨ ᠢᠷᠡᠭᠡᠳᠦᠶ ᠳᠤ ᠵᠣᠷᠢᠭᠤᠯᠬᠤ ᠶᠢᠨ ᠲᠥᠯᠥᠭᠡ ᠶᠤᠮ᠃      ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ᠂ ᠵᠣᠭᠤᠰ ᠮᠥᠩᠭᠦ ᠪᠠᠷ ᠰᠤᠷᠤᠯᠭ᠎ᠠ ᠶᠢ ᠲᠡᠳᠬᠦᠬᠦ ᠪᠣᠯ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠲᠠᠢ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠪᠠᠰᠠ ᠴᠤ ᠠᠵᠤ ᠠᠬᠤᠶᠢᠯᠠᠯᠲᠠᠨ ᠤ ᠨᠡᠶᠢᠭᠡᠮ ᠳᠤ ᠦᠢᠯᠡᠴᠢᠯᠡᠬᠦ ᠪᠠ ᠨᠡᠶᠢᠭᠡᠮ ᠳᠤ ᠠᠴᠢ ᠬᠠᠷᠢᠭᠤᠯᠠᠬᠤ ᠨᠢᠭᠦᠯᠡᠰᠦᠩᠭᠦᠢ ᠶᠢᠨ ᠦᠢᠯᠡ ᠠᠵᠢᠯᠯᠠᠭ᠎ᠠ ᠮᠥᠨ᠃ ᠲᠣᠰ ᠤᠳᠠᠭᠠᠨ ᠤ ᠠᠵᠢᠯᠯᠠᠭ᠎ᠠ ᠳᠤ᠂ ᠬᠠᠨᠳᠢᠪᠯᠠᠨ ᠲᠤᠰᠠᠯᠠᠭᠰᠠᠨ ᠠᠵᠤ ᠠᠬᠤᠶᠢᠯᠠᠯ ᠥᠪᠥᠷ ᠮᠣᠩᠭᠤᠯ ᠤᠨ ᠲᠠᠯ᠎ᠠ ᠨᠤᠲᠤᠭ ᠤᠨ ᠤᠯᠠᠭᠠᠨ ᠨᠠᠷᠠᠨ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 114 ᠶᠠᠳᠠᠭᠤ ᠬᠦᠴᠢᠷᠳᠡᠯᠲᠡᠶ ᠵᠠᠯᠠᠭᠤᠴᠤᠳ ᠪᠠᠭᠠᠴᠤᠳ ᠲᠤ 22.8 ᠲᠦᠮᠡᠨ ᠲᠥᠭᠦᠷᠢᠭ ᠤᠨ ᠬᠠᠶᠢᠷ᠎ᠠ ᠬᠠᠯᠠᠮᠵᠢ ᠬᠠᠨᠳᠢᠪᠯᠠᠵᠤ᠂ ᠲᠡᠳᠡᠨ ᠤ ᠴᠢᠷᠮᠠᠶᠢᠨ ᠰᠤᠷᠤᠯᠴᠠᠵᠤ᠂ ᠨᠡᠶᠢᠭᠡᠮ ᠳᠤ ᠠᠴᠢ ᠬᠠᠷᠢᠭᠤᠯᠠᠬᠤ ᠶᠢ ᠵᠣᠷᠢᠭᠵᠢᠭᠤᠯᠵᠠᠶ᠃ ᠶᠣᠰᠣᠯᠠᠯ ᠳᠡᠭᠡᠷ᠎ᠡ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠲᠣᠰ ᠤᠳᠠᠭᠠᠨ ᠤ ᠰᠤᠷᠤᠯᠭ᠎ᠠ ᠶᠢᠨ ᠲᠡᠳᠬᠦᠮᠵᠢ ᠶᠢᠨ ᠠᠵᠢᠯᠯᠠᠭ᠎ᠠ ᠳᠤ ᠦᠵᠡᠭᠦᠯᠦᠭᠰᠡᠨ ᠳᠡᠮᠵᠢᠯᠭᠡ ᠪᠠ ᠴᠢᠷᠮᠠᠶᠢᠯᠭ᠎ᠠ ᠳᠤ ᠲᠠᠯᠠᠷᠬᠠᠬᠤ ᠶᠢᠨ ᠲᠥᠯᠥᠭᠡ᠂ ᠣᠨᠴᠠᠭᠠᠶᠢᠯᠠᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠳᠤ ᠬᠡᠮᠡᠷᠯᠢᠭ ᠲᠤᠭ ᠭᠠᠷᠳᠠᠭᠤᠯᠪᠠ᠃      ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠨᠡᠷ᠎ᠡ ᠬᠦᠨᠳᠦᠲᠦ ᠡᠷᠬᠢᠯᠡᠭᠴᠢ ᠯᠢᠦ ᠢ ᠳ᠋ᠢᠩ ᠡᠨᠡ ᠤᠳᠠᠭᠠᠨ ᠤ ᠠᠵᠢᠯᠯᠠᠭ᠎ᠠ ᠳᠤ ᠴᠢᠭᠯᠡᠭᠦᠯᠦᠨ ᠢᠯᠡᠷᠬᠡᠶᠢᠯᠡᠭᠰᠡᠨ ᠨᠢ᠄ ︽ᠥᠪᠥᠷ ᠮᠣᠩᠭᠤᠯ ᠤᠨ ᠤᠯᠠᠭᠠᠨ ᠨᠡᠷᠡᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠲᠤᠰᠠᠯᠠᠮᠵᠢ ᠨᠢ ᠢᠦᠶ ᠴᠢᠤᠸᠠᠨ ᠲᠣᠭᠤᠷᠢᠭ ᠲᠤ ᠠᠪᠴᠤ ᠬᠡᠯᠡᠪᠡᠯ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠠᠵᠤ ᠠᠬᠤᠶ ᠪᠠ ᠡᠳ᠋ ᠪᠣᠳᠠᠰ ᠤᠨ ᠲᠠᠯ᠎ᠠ ᠪᠠᠷ ᠬᠡᠤᠬᠡᠳ ᠤᠳ ᠲᠤ ᠬᠠᠪᠰᠤᠷᠤᠯᠭ᠎ᠠ ᠦᠵᠡᠭᠦᠯᠵᠦ᠂ ᠪᠢᠳᠡᠨ ᠳᠤ ᠡᠷᠬᠢᠮ ᠨᠠᠨᠳᠢᠨ ᠣᠶᠤᠨ ᠰᠠᠨᠠᠭᠠᠨ ᠤ ᠡᠳ᠋ ᠪᠠᠶᠠᠯᠢᠭ ᠢ ᠤᠯᠠᠮᠵᠢᠯᠠᠭᠰᠠᠨ ᠢᠶᠠᠷ ᠪᠠᠷᠠᠬᠤ ᠥᠬᠡᠶ᠂ ᠨᠠᠩ ᠴᠤ ᠢᠦᠢ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠳᠡᠮᠵᠢᠯᠭᠡ ᠪᠠ ᠬᠦᠴᠦᠨ ᠨᠡᠮᠡᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠪᠠᠶᠠᠵᠢᠨ ᠴᠢᠨᠡᠭᠡᠯᠢᠭᠵᠢᠬᠦ ᠳᠡᠭᠡᠨ ᠨᠡᠶᠢᠭᠡᠮ ᠨᠡᠶᠢᠲᠡ ᠳᠤ ᠠᠴᠢ ᠬᠠᠷᠢᠭᠤᠯᠠᠬᠤ᠂ ᠨᠤᠲᠤᠭ ᠤᠰᠤᠨ ᠳᠠᠭᠠᠨ ᠠᠴᠢ ᠬᠠᠷᠢᠭᠤᠯᠠᠬᠤ ᠶᠢ ᠥᠯᠥ ᠮᠠᠷᠲᠠᠬᠤ ᠴᠢᠩ ᠰᠡᠳᠬᠢᠯ ᠤᠨ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠰᠤᠷᠤᠯᠭ᠎ᠠ ᠶᠢ ᠲᠡᠳᠬᠦᠬᠦ ᠠᠵᠢᠯᠯᠠᠭ᠎ᠠ ᠳᠤ ᠣᠷᠣᠯᠴᠠᠬᠤ ᠳᠤ ᠮᠠᠰᠢ ᠰᠠᠶᠢᠨ ᠳᠠᠶᠢᠴᠢᠯᠠᠬᠤ ᠦᠢᠯᠡᠳᠦᠯ ᠦᠵᠡᠭᠦᠯᠦᠭᠰᠡᠨ ᠪᠠᠶᠢᠨ᠎ᠠ︾ ᠭᠡᠵᠡᠶ᠃      ᠬᠠᠶᠢᠷ᠎ᠠ ᠰᠡᠳᠬᠢᠯᠭᠡ ᠪᠠᠨ ᠬᠦᠰᠡᠯ ᠡᠷᠡᠮᠡᠯᠵᠡᠯ ᠤᠨ ᠳᠤᠮᠳᠠ ᠪᠠᠳᠠᠷᠠᠭᠤᠯᠵᠤ᠂ ᠬᠦᠰᠡᠯ ᠡᠷᠡᠮᠡᠯᠵᠡᠯ ᠢᠶᠠᠨ ᠰᠤᠷᠭᠠᠨ ᠬᠥᠮᠦᠵᠢᠯ ᠤᠨ ᠳᠤᠮᠳᠠ ᠪᠤᠶᠢᠵᠢᠭᠤᠯᠤᠨ᠎ᠠ᠃ ᠲᠣᠰ ᠤᠳᠠᠭᠠᠨ ᠤ ︽ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢ ᠲᠡᠳᠬᠦᠬᠦ ᠠᠵᠢᠯᠯᠠᠭ᠎ᠠ︾ ᠶᠢ ᠲᠡᠭᠦᠰ ᠠᠮᠵᠢᠯᠲᠠ ᠲᠠᠢ ᠡᠷᠭᠢᠯᠡᠭᠰᠡᠨ ᠨᠢ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠶᠠᠳᠠᠭᠤ ᠬᠦᠴᠢᠷᠳᠡᠯᠲᠡᠶ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠢ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠬᠤ ᠪᠠᠷ ᠪᠠᠷᠠᠬᠤ ᠥᠬᠡᠶ᠂ ᠨᠠᠩ ᠴᠤ ᠬᠠᠶᠢᠷ᠎ᠠ ᠬᠠᠯᠠᠮᠵᠢ ᠶᠢᠨ ᠠᠵᠢᠯᠯᠠᠭ᠎ᠠ ᠪᠠᠷ ᠢᠶᠠᠨ ᠰᠤᠷᠤᠭᠴᠢᠳ ᠤᠨ ᠦᠷᠭᠦᠯᠵᠢ ᠠᠴᠢ ᠬᠠᠷᠢᠭᠤᠯᠠᠬᠤ ᠰᠡᠳᠬᠢᠯ ᠡᠪᠦᠷᠯᠡᠵᠦ᠂ ᠨᠡᠶᠢᠭᠡᠮ ᠳᠤ ᠠᠴᠢ ᠬᠠᠷᠢᠭᠤᠯᠠᠬᠤ ᠶᠢ ᠤᠷᠮᠠᠰᠢᠭᠤᠯᠤᠨ ᠵᠣᠷᠢᠭᠵᠢᠭᠤᠯᠵᠤ ᠴᠢᠳᠠᠬᠤ ᠶᠤᠮ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ᠂ ᠬᠠᠶᠢᠷ᠎ᠠ ᠬᠠᠯᠠᠮᠵᠢ ᠶᠢ ᠦᠷᠭᠦᠯᠵᠢᠯᠡᠭᠦᠯᠵᠦ᠂ ᠢᠷᠡᠭᠡᠳᠦᠢ ᠶᠢᠨ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢ ᠲᠡᠳᠬᠦᠬᠦ ᠠᠵᠢᠯᠯᠠᠭ᠎ᠠ ᠶᠢ ᠪᠠᠶᠢᠩᠭᠤᠵᠢᠭᠤᠯᠬᠤ᠂ ᠲᠦᠷᠦᠯ ᠳᠡᠮᠳᠡᠭᠵᠢᠬᠦᠯᠬᠦ ᠳᠤ ᠬᠦᠴᠦᠨ ᠨᠡᠮᠡᠷᠢᠯᠡᠨ᠎ᠡ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ