ᠶᠦᠨ ᠰᠢᠨ ᠮᠢᠩ ᠬᠤᠷᠢᠨᠭᠡᠷ ᠰᠢᠶᠠᠨ ᠤ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/23
      10 ᠰᠠᠷ᠎ᠠ ᠶᠢᠨ 16 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠦᠨ ᠰᠢᠨ ᠮᠢᠩ ᠬᠤᠷᠢᠨᠭᠡᠷ ᠰᠢᠶᠠᠨ ᠤ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ᠂ ᠮᠧᠩ ᠨᠢᠦ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ ᠦ᠋ ᠰᠢ ᠴᠦᠨ᠂ ᠬᠤᠲᠠ᠂ ᠰᠢᠶᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠵᠢᠴᠢ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠣᠷᠣᠯᠴᠠᠵᠠᠶ᠃      ᠬᠤᠷᠠᠯ ᠠᠴᠠ ᠡᠮᠦᠨ᠎ᠡ᠂ ᠶᠦᠨ ᠰᠢᠨ ᠮᠢᠩ ᠨᠡᠷ ᠮᠧᠩ ᠨᠢᠦ ᠶᠢᠨ ᠶᠢᠰᠦᠳᠦᠭᠡᠷ ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠦ᠂ ᠲᠦᠷᠦᠯ ᠵᠦᠢᠯ ᠤᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ᠂ ᠪᠡᠯᠡ ᠮᠥᠩᠭᠦ ᠶᠢᠨ ᠣᠷᠣᠭᠤᠯᠤᠯᠲᠠ ᠪᠣᠯᠤᠨ ᠬᠡᠷᠡᠭᠯᠡᠯᠲᠡ ᠵᠢᠴᠢ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ ᠵᠡᠷᠭᠡ ᠪᠠᠶᠢᠳᠠᠯ ᠢ ᠰᠣᠨᠣᠰᠴᠠᠢ᠃ ᠬᠤᠷᠠᠯ ᠠᠴᠠ ᠮᠧᠩ ᠨᠢᠦ ᠪᠦᠯᠦᠭᠯᠡᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠡᠭᠦᠷᠭᠡᠯᠡᠭᠰᠡᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠭᠤᠣᠯᠳᠠᠯᠭ᠎ᠠ ᠲᠠᠢ ᠡᠭᠦᠷᠭᠡ ᠶᠢ ᠡᠭᠦᠷᠭᠡᠯᠡᠭᠰᠡᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ᠂ ᠬᠤᠷᠢᠨᠭᠡᠷ ᠰᠢᠶᠠᠨ ᠤ 2023 ᠣᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠶᠦᠨ ᠰᠢᠨ ᠮᠢᠩ ᠴᠢᠬᠤᠯᠠᠴᠢᠯᠠᠭᠰᠠᠨ ᠨᠢ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠦᠷᠭᠦᠯᠵᠢᠯᠡᠨ ᠴᠢᠩᠭᠠᠳᠬᠠᠵᠤ᠂ ᠵᠢᠷᠤᠮᠵᠢᠭᠤᠯᠤᠨ ᠲᠡᠵᠢᠭᠡᠨ ᠦᠷᠡᠵᠢᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠬᠤ ᠬᠡᠷᠡᠭᠲᠡᠶ᠃ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠲᠤᠪᠤᠶᠢᠯᠭᠠᠵᠦ᠂ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠤᠨ ᠣᠷᠣᠭᠤᠯᠤᠯᠲᠠ ᠶᠢ ᠴᠢᠩᠭᠠᠳᠬᠠᠵᠤ᠂ ᠲᠤᠰ ᠭᠠᠵᠠᠷ ᠣᠷᠣᠨ ᠤ ᠠᠵᠤ ᠠᠬᠤᠶᠢᠯᠠᠯ ᠤᠨ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ ᠳᠡᠮᠵᠢᠵᠦ᠂ ᠠᠵᠤ ᠦᠢᠯᠡᠰ ᠤᠨ ᠨᠠᠷᠢᠯᠢᠭ ᠭᠦᠨᠵᠡᠭᠡᠢ ᠡᠳ᠋ᠰᠢᠭᠦᠯᠦᠯᠲᠡ ᠶᠢ ᠴᠢᠩᠭᠠᠳᠬᠠᠵᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠦ ᠶᠢᠨ ᠦᠢᠯᠡᠰ ᠤᠨ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠨᠠᠷᠠᠲᠤ ᠲᠥᠷᠥᠯ ᠲᠡᠮᠳᠡᠭᠴᠢᠯᠡᠭᠰᠡᠨ ᠡᠵᠡᠩᠨᠡᠯᠲᠡ ᠶᠢ ᠳᠣᠪᠤᠶᠢᠯᠭᠠᠵᠤ᠂ ᠤᠨᠴᠠᠯᠢᠬᠳᠤ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠢ ᠪᠠᠳᠠᠷᠠᠭᠤᠯᠤᠨ᠂ ᠬᠤᠷᠢᠨᠭᠡᠷ ᠤᠨ ᠨᠡᠷ᠎ᠡ ᠶᠢᠨ ᠬᠠᠭᠤᠳᠠᠰᠤ ᠶᠢ ᠴᠢᠷᠮᠠᠶᠢᠨ ᠡᠭᠦᠳᠬᠦ ᠬᠡᠷᠡᠭᠲᠡᠶ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠴᠢᠬᠤᠯᠠ ᠡᠯᠧᠮᠧᠨ᠋ᠲ ᠤᠨ ᠪᠠᠲᠤᠯᠠᠭ᠎ᠠ ᠪᠣᠯᠤᠨ ᠤᠯᠤᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠲᠦᠷᠦᠯ ᠵᠦᠢᠯ ᠢ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠬᠡᠷᠡᠭᠵᠢᠭᠦᠯᠬᠦ ᠶᠢ ᠠᠬᠢᠭᠤᠯᠵᠤ᠂ ᠣᠷᠣᠨ ᠪᠦᠰᠡ ᠶᠢᠨ ᠳᠠᠪᠠᠭᠤᠯᠢᠭ ᠪᠣᠯᠤᠨ ᠠᠵᠤ ᠦᠢᠯᠡᠰ ᠤᠨ ᠣᠨᠴᠠᠯᠢᠭ ᠢ ᠭᠦᠢᠴᠡᠳ ᠪᠠᠳᠠᠷᠠᠭᠤᠯᠵᠤ᠂ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠣᠷᠣᠨ ᠤ ᠲᠥᠪ ᠤᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ