︵ᠰᠤᠷᠪᠤᠯᠵᠢᠯᠠᠭᠴᠢ ᠯᠢᠦᠢ ᠬᠤᠶ ᠱᠧᠩ︶ ᠣᠶᠢᠷ᠎ᠠ ᠳᠤ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠠᠴᠠ ᠥᠪᠥᠷ ᠮᠣᠩᠭᠤᠯ ᠤᠨ ᠵᠢᠶᠠ ᠡᠸ᠋ᠨ | ᠰᠤᠷᠭᠠᠨ ᠬᠦᠮᠦᠵᠢᠯ ᠤᠨ ᠲᠥᠪ ᠲᠤ ᠬᠦᠴᠢᠷᠳᠡᠯᠲᠡᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ ᠲᠤᠰᠬᠠᠢ ᠮᠡᠷᠭᠡᠵᠢᠯ ᠤᠨ ᠰᠡᠳᠬᠢᠴᠡ ᠶᠢᠨ ᠪᠠᠭᠰᠢ ᠶᠢ ᠤᠷᠢᠵᠤ ᠵᠣᠵᠢᠭ ᠡᠪᠡᠳᠴᠢᠨ ᠲᠠᠢ ᠬᠡᠦᠬᠡᠳ ᠤᠨ ᠰᠡᠳᠬᠢᠴᠡ ᠶᠢᠨ ᠣᠨᠴᠠᠯᠢᠭ ᠲᠤ | ᠴᠢᠭᠯᠡᠭᠦᠯᠦᠨ᠂ ᠬᠠᠷᠢᠯᠴᠠᠨ ᠦᠢᠯᠡᠳᠦᠯᠴᠡᠬᠦ ᠴᠢᠨᠠᠷ ᠢᠶᠠᠷ ᠴᠢᠩᠭ᠎ᠠ᠂ ᠳᠥᠭᠦᠮ ᠣᠶᠢᠯᠠᠭᠠᠮᠵᠢᠲᠠᠢ ᠰᠡᠳᠬᠢᠴᠡ ᠶᠢᠨ ᠲᠣᠭᠯᠠᠭᠠᠮ ᠢ ᠲᠥᠯᠥᠪᠯᠡᠨ᠂ ᠵᠣᠵᠢᠭ | ᠡᠪᠡᠳᠴᠢᠨ ᠲᠠᠢ ᠬᠡᠦᠬᠡᠳ ᠢ ᠬᠠᠪᠰᠤᠷᠤᠨ ᠨᠡᠶᠢᠭᠡᠮ ᠤᠨ ᠬᠠᠷᠢᠯᠴᠠᠭᠠᠨ ᠤ ᠤᠷ᠎ᠠ ᠴᠢᠳᠠᠪᠤᠷᠢ ᠶᠢ ᠨᠢ ᠬᠥᠭᠵᠢᠭᠦᠯᠵᠦ᠂ ᠢᠲᠡᠭᠡᠯ ᠵᠣᠷᠢᠭ ᠢ ᠨᠢ ᠳᠡᠭᠡᠭᠰᠢᠯᠡᠭᠦᠯᠦᠨ᠂ | ᠬᠠᠮᠲᠤᠷᠠᠨ ᠠᠵᠢᠯᠯᠠᠬᠤ ᠴᠢᠳᠠᠪᠤᠷᠢ ᠶᠢ ᠨᠢ ᠬᠥᠮᠥᠵᠢᠭᠦᠯᠬᠦ ᠶᠢᠨ ᠬᠠᠮᠲᠤ ᠵᠣᠵᠢᠭ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ ᠰᠡᠳᠬᠢᠴᠡ ᠶᠢᠨ | ᠪᠠᠶᠢᠭᠤᠯᠤᠯᠲᠠ ᠶᠢᠨ ᠠᠵᠢᠯ ᠳᠤ ᠴᠢᠭᠯᠡᠭᠦᠯᠦᠨ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠢᠵᠡᠢ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠪᠠᠰᠠ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠤᠨ᠂ ᠬᠠᠯᠠᠮᠵᠢᠯᠠᠨ | ᠬᠠᠪᠰᠤᠷᠬᠤ ᠴᠢᠬᠤᠯᠠᠲᠠᠢ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯᠲᠡᠢ ᠬᠡᠦᠬᠡᠳ ᠵᠡᠷᠭᠡ ᠬᠥᠮᠥᠰ ᠲᠤ ᠦᠨᠡᠨ ᠬᠦ ᠰᠠᠶᠢᠨ ᠶᠠᠪᠤᠳᠠᠯ᠂ ᠪᠣᠳᠠᠲᠠᠢ | ᠶᠠᠪᠤᠳᠠᠯ ᠬᠢᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠥᠷᠭᠡᠨ ᠣᠯᠠᠨ ᠠᠵᠢᠯᠲᠠᠨ ᠠᠵᠢᠯᠴᠢᠨ ᠵᠢᠴᠢ ᠲᠡᠳᠡᠨ ᠤ ᠦᠷ᠎ᠡ | ᠬᠡᠦᠬᠡᠳ ᠤᠨ ︽ᠲᠥᠷᠬᠦᠮ ᠤᠨ ᠬᠥᠮᠥᠨ︾ ᠪᠣᠯᠭᠠᠨ᠎ᠠ᠃ |