ᠴᠠᠩ ᠫᠸᠢ ᠵᠥᠩ ᠬᠤᠷᠢᠨᠭᠡᠷ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠤᠯ ᠰᠡᠳᠦᠪᠲᠦ ᠬᠥᠮᠦᠵᠢᠯ ᠤᠨ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2023/10/24
      10 ᠳ᠋ᠤᠭᠠᠷ ᠰᠠᠷ᠎ᠠ ᠶᠢᠨ 16 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠠᠩ ᠫᠸᠢ ᠵᠥᠩ ᠬᠤᠷᠢᠨᠭᠡᠷ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠤᠯ ᠰᠡᠳᠦᠪᠲᠦ ᠬᠥᠮᠦᠵᠢᠯ ᠤᠨ ᠠᠵᠢᠯ ᠢ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠰᠠᠭᠤᠳᠠᠯ ᠤᠨ ᠬᠤᠷᠠᠯ ᠳᠡᠭᠡᠷ᠎ᠡ᠂ ᠴᠠᠩ ᠫᠸᠢ ᠵᠥᠩ ᠬᠤᠷᠢᠨᠭᠡᠷ ᠰᠢᠶᠠᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠷᠡ᠂ ᠬᠤᠷᠢᠨᠭᠡᠷ ᠰᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠲᠠᠪᠤ ᠶᠢ ᠨᠡᠩ ᠴᠢᠬᠤᠯᠠᠴᠢᠯᠠᠬᠤ︾ ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠭᠤᠣᠯ ᠠᠵᠢᠯ ᠤᠨ ᠲᠣᠭᠤᠷᠢᠨ ᠳᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨᠬᠦ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠴᠢᠳᠠᠮᠠᠭᠠᠢ ᠪᠠᠷ ᠠᠰᠠᠭᠤᠳᠠᠯ ᠢ ᠢᠯᠡᠷᠡᠭᠦᠯᠬᠦ ᠶᠢᠨ ᠬᠠᠮᠲᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠲᠦᠷᠦ ᠶᠢᠨ ᠪᠤᠳᠤᠯᠭ᠎ᠠ ᠶᠢ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠪᠣᠳᠠᠲᠠᠢ ᠠᠵᠢᠯ ᠤᠨ ᠠᠮᠵᠢᠯᠲᠠ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠬᠤᠷᠢᠨᠭᠡᠷ ᠰᠢᠶᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ ᠬᠡᠷᠡᠭᠲᠡᠢ ᠭᠡᠵᠦ ᠴᠢᠩᠭᠠᠳᠬᠠᠪᠠ᠃      ᠬᠤᠷᠠᠯ ᠤᠨ ᠲᠠᠷᠠᠭ᠎ᠠ᠂ ᠴᠠᠩ ᠫᠸᠢ ᠵᠦᠩ ᠬᠤᠷᠢᠨᠭᠡᠷ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠥᠪᠥᠷ ᠮᠣᠩᠭᠤᠯ ᠤᠨ ᠴᠠᠩ ᠱᠸᠤ ᠡᠮ ᠤᠨ ᠦᠢᠯᠡᠰ᠂ ᠥᠪᠥᠷ ᠮᠣᠩᠭᠤᠯ ᠤᠨ ᠲᠢᠶᠠᠨ ᠬᠤᠤ ᠰᠢᠯᠢ ᠵᠡᠷᠭᠡ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠦᠨᠳᠦᠰᠦᠨ ᠱᠠᠲᠤᠨ ᠤ ᠰᠢᠭᠦᠬᠦ ᠬᠤᠷᠢᠶ᠎ᠠ ᠶᠢᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠵᠢᠯᠯᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠴᠡᠢ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ