ᠮᠠᠨ ᠤ ᠬᠤᠲᠠ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/10/7
      ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠮᠠᠨ ᠤ ᠬᠤᠲᠠ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠢ ᠤᠷᠤᠭᠰᠢᠲᠠᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠪᠣᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ᠂ ᠠᠮᠢ ᠠᠬᠤᠢ ᠶᠢ ᠰᠡᠷᠭᠦᠭᠡᠬᠦ᠂ ᠦᠯᠡᠳᠡᠭᠡᠯ ᠭᠠᠵᠠᠷ ᠢ ᠠᠮᠢᠳᠤᠯᠢᠭ ᠪᠣᠯᠭᠠᠬᠤ ᠵᠡᠷᠭᠡ ᠠᠵᠢᠯ ᠢ ᠲᠤᠯᠭᠠᠭᠤᠷᠢᠯᠠᠬᠤ ᠶᠢᠨ ᠴᠢᠬᠤᠯᠠ ᠨᠥᠬᠦᠴᠡᠯ ᠪᠣᠯᠣᠨ᠎ᠠ᠃ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠡᠷᠬᠡ ᠶᠢᠨ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠵᠦ᠂ ᠬᠥᠳᠡᠭᠡ ᠲᠣᠰᠬᠤᠨ ᠤ ᠨᠡᠶᠢᠭᠡᠮ ᠤᠨ ᠵᠥᠷᠢᠴᠡᠯ ᠢ ᠠᠷᠢᠯᠭᠠᠵᠤ᠂ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠦᠢᠯᠡᠴᠢᠯᠡᠵᠦ ᠴᠢᠳᠠᠨ᠎ᠠ᠃ ᠡᠭᠦᠨ ᠤ ᠲᠤᠯᠠᠳᠠ ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠬᠦ ᠠᠵᠢᠯ ᠢ ᠡᠬᠢᠯᠡᠭᠦᠯᠬᠦ ᠲᠤᠬᠠᠢ ᠬᠥᠬᠡᠬᠤᠲᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠬᠦ ᠠᠵᠢᠯ ᠢ ᠯᠠᠪᠳᠠᠭᠤᠨ ᠢᠶᠠᠷ ᠥᠷᠨᠢᠭᠦᠯᠪᠡ᠃ ᠡᠨᠡ ᠬᠤᠭᠤᠴᠠᠭᠠᠨ ᠳᠤ᠂ ᠡᠯ᠎ᠡ ᠬᠤᠰᠢᠭᠤ ᠰᠢᠶᠠᠨ ᠲᠣᠭᠤᠷᠢᠭ ᠢ ᠵᠣᠬᠢᠶᠠᠨ ᠪᠠᠶᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠶᠡᠷᠦᠩᠬᠡᠢ ᠬᠦᠰᠦᠨᠦᠭᠲᠦ︾ ᠶᠢ ᠲᠠᠭᠯᠠᠨ ᠮᠡᠳᠡᠭᠦᠯᠵᠦ᠂ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠣᠶᠢᠯᠠᠭᠠᠨ᠂ ᠠᠬᠢᠴᠠ ᠶᠢᠨ ᠪᠠᠶᠢᠳᠠᠯ ᠢ ᠡᠵᠡᠮᠰᠢᠪᠡ᠃ ᠡᠭᠦᠨ ᠤ ᠬᠠᠮᠲᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠮᠡᠷᠭᠡᠵᠢᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠴᠠᠭᠠᠯᠲᠠ ᠶᠢᠨ ᠲᠤᠷᠰᠢᠯᠭ᠎ᠠ ᠪᠠᠷ ᠪᠠᠶᠠᠯᠢᠭ ᠮᠡᠷᠭᠡᠵᠢᠯ ᠤᠨ ᠠᠵᠢᠯᠲᠠᠨ ᠢ ᠲᠣᠮᠢᠯᠠᠵᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ