ᠬᠥᠬᠡᠬᠤᠲᠠ ᠠᠴᠠ ᠪᠡᠭᠡᠵᠢᠩ ᠬᠦᠷᠲᠡᠯ᠎ᠡ ᠬᠠᠮᠤᠭ ᠬᠤᠷᠳᠤᠨ ᠳᠠᠭᠠᠨ 1 ᠴᠠᠭ 59 ᠮᠢᠨᠦ᠋ᠲ ᠬᠡᠷᠡᠭᠰᠡᠨ᠎ᠡ
ᠨᠡᠶᠢᠲᠡᠯᠡᠭᠰᠡᠨ ᠴᠠᠭ᠄
2023/10/7
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠤ ᠬᠤᠶ︶ ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ᠂ 2023 ᠣᠨ ᠤ 10 ᠰᠠᠷ᠎ᠠ  ᠶᠢᠨ 11 ᠤ ᠡᠳᠦᠷ ᠠᠴᠠ ᠡᠬᠢᠯᠡᠨ ᠲᠡᠮᠦᠷ ᠵᠠᠮ ᠤᠨ ᠰᠠᠯᠠᠭ᠎ᠠ ᠮᠥᠴᠢᠷ ᠴᠣᠪᠣᠭ᠎ᠠ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠬᠡᠷᠡᠭᠵᠢᠭᠦᠯᠬᠦ ᠪᠠᠷ ᠪᠤᠢ᠃      ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠠᠶᠠᠨᠴᠢᠳ ᠤᠨ ᠴᠤᠪᠤᠭ᠎ᠠ ᠲᠡᠷᠭᠡᠨ ᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ ᠴᠤᠪᠤᠭ᠎ᠠ ᠲᠡᠷᠭᠡ ᠶᠢ ᠨᠢᠭᠲᠠᠷᠠᠭᠤᠯᠵᠤ᠂ ᠴᠤᠪᠤᠭ᠎ᠠ ᠲᠡᠷᠭᠡᠨ ᠤ ᠠᠶᠠᠯᠠᠯ ᠤᠨ ᠴᠠᠭ ᠢ ᠪᠣᠭᠤᠨᠢᠰᠬᠠᠵᠤ᠂ ᠲᠦᠷᠭᠡᠨ ᠤ ᠲᠡᠮᠦᠷ ᠵᠠᠮ ᠤᠨ ᠲᠡᠭᠡᠭᠡᠪᠦᠷᠢ ᠶᠢᠨ ᠴᠢᠳᠠᠪᠤᠷᠢ ᠶᠢ ᠴᠢᠨᠠᠭᠰᠢᠳᠠ ᠪᠠᠳᠠᠷᠠᠭᠤᠯᠪᠠ᠃ ᠡᠭᠦᠨ ᠳᠤ ᠬᠥᠬᠡᠬᠤᠲᠠ ᠶᠢᠨ ᠵᠡᠭᠦᠨ ᠥᠷᠲᠡᠭᠡ ᠠᠴᠠ ᠪᠡᠭᠡᠵᠢᠩ ᠤᠨ ᠬᠤᠶᠢᠲᠤ ᠥᠷᠲᠡᠭᠡ ᠬᠦᠷᠬᠦ G2462 ᠤᠳᠠᠭ᠎ᠠ ᠶᠢᠨ ᠹᠦ᠋ ᠰᠢᠩ ᠨᠡᠷᠡᠮᠵᠢᠲᠦ ᠲᠦᠷᠭᠡᠨ ᠤ ᠲᠡᠮᠦᠷ ᠵᠠᠮ ᠤᠨ ᠴᠤᠪᠤᠭ᠎ᠠ ᠲᠡᠷᠭᠡ ᠶᠢ ᠨᠠᠪᠲᠠᠷᠡᠭᠦᠯᠵᠦ᠂ ᠬᠥᠬᠡᠬᠤᠲᠠ ᠶᠢᠨ ᠵᠡᠭᠦᠨ ᠥᠷᠲᠡᠭᠡ ᠠᠴᠠ ᠮᠣᠷᠳᠠᠨ ᠳᠤᠮᠳᠠ ᠨᠢ ᠵᠣᠭᠰᠣᠬᠤ ᠦᠭᠡᠢ ᠪᠠᠷ ᠪᠡᠭᠡᠵᠢᠩ ᠤᠨ ᠴᠢᠩ ᠾᠧ ᠥᠷᠲᠡᠭᠡ ᠳᠤ ᠰᠢᠭᠤᠳ ᠬᠦᠷᠴᠦ᠂ ᠠᠩᠬ᠎ᠠ ᠤᠳᠠᠭ᠎ᠠ ᠬᠥᠬᠡᠬᠤᠲᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ ᠠᠶᠠᠯᠠᠬᠤ ᠴᠠᠭ ᠢ 1 ᠴᠠᠭ 59 ᠮᠢᠨᠦ᠋ᠲᠪᠣᠯᠭᠠᠨ ᠪᠣᠭᠤᠨᠢᠰᠬᠠᠪᠠ᠃      ᠲᠤᠬᠠᠢ ᠶᠢᠨ ᠦᠶ᠎ᠡ ᠳᠤ ᠥᠪᠥᠷ ᠮᠣᠩᠭᠤᠯ ᠤᠨ ᠲᠥᠪ ᠬᠥᠬᠡᠬᠤᠲᠠ ᠬᠢᠭᠡᠳ ᠨᠡᠶᠢᠰᠯᠡᠯ ᠪᠡᠭᠡᠵᠢᠩ ᠬᠤᠶᠠᠷ ᠭᠠᠵᠠᠷ ᠤᠨ ᠬᠢᠨ ︽2 ᠴᠠᠭ ᠤᠨ ᠵᠠᠮ ᠬᠠᠷᠢᠯᠴᠠᠭᠠᠨ ᠤ ᠴᠠᠭᠠᠷᠢᠭ︾ ᠢ ᠵᠢᠩᠬᠢᠨᠢ ᠪᠠᠷ ᠪᠦᠷᠢᠯᠳᠦᠭᠦᠯᠵᠦ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠬᠤᠲᠠ ᠶᠢᠨ ᠪᠡᠭᠡᠵᠢᠩ ᠲᠢᠶᠠᠨᠵᠢᠨ ᠾᠧᠪᠧᠢ ᠶᠢᠨ ᠠᠵᠤ ᠠᠬᠤᠢ ᠶᠢᠨ ᠲᠣᠭᠤᠷᠢᠭ ᠲᠤ ᠠᠭᠤᠰᠤᠯᠴᠠᠬᠤ ᠶᠢ ᠲᠦᠷᠭᠡᠳᠬᠡᠵᠦ᠂ ᠠᠷᠠᠳ ᠣᠯᠠᠨ ᠤ ᠶᠠᠪᠤᠯᠴᠠᠭ᠎ᠠ ᠳᠤ ᠲᠤᠶᠢᠯ ᠤᠨ ᠶᠡᠭᠡ ᠲᠥᠬᠦᠮ ᠦᠵᠡᠭᠦᠯᠬᠦ ᠶᠢᠨ ᠬᠠᠮᠲᠤ ᠥᠪᠥᠷᠮᠣᠩᠭᠤᠯ ᠤᠨ ᠳᠤᠮᠳᠠ ᠪᠠᠷᠠᠭᠤᠨ ᠬᠡᠰᠡᠭ ᠪᠠ ᠪᠡᠭᠡᠵᠢᠩ ᠲᠢᠶᠠᠨᠵᠢᠨ ᠾᠧᠪᠧᠢ ᠶᠢᠨ ᠣᠷᠣᠨ ᠪᠦᠰᠡ ᠶᠢᠨ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠳᠤ ᠴᠢᠨᠠᠭᠰᠢᠳᠠ ᠬᠦᠴᠦᠨ ᠨᠡᠮᠡᠷᠢᠯᠡᠬᠦ ᠪᠣᠯᠣᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ