ᠬᠤᠣᠰ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠮᠠᠨ ᠤ ᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 366.33 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 26.13 ᠳ᠋ᠦᠩᠰᠢᠭᠤᠷ ᠲᠥᠭᠦᠷᠢᠭ ᠬᠦᠷᠪᠡ
ᠨᠡᠶᠢᠲᠡᠯᠡᠭᠰᠡᠨ ᠴᠠᠭ᠄
2023/10/8
      ︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠠᠴᠠ ᠥᠯᠢᠭᠡᠷ ᠠᠪᠤᠭᠰᠠᠨ ᠪᠠᠶᠢᠴᠠᠭᠠᠯᠲᠠ ᠪᠠ ᠮᠡᠳᠡᠭᠡ ᠬᠤᠯᠪᠣᠭᠠᠨ ᠤ ᠡᠵᠡᠩᠨᠡᠯᠲᠡ ᠶᠢᠨ ᠲᠤᠭ᠎ᠠ ᠪᠠᠷᠢᠮᠲᠠ ᠠᠴᠠ ᠶᠡᠷᠦᠩᠬᠡᠶᠢᠯᠡᠨ ᠲᠥᠰᠥᠭᠡᠯᠡᠨ ᠪᠤᠳᠤᠭᠰᠠᠨ ᠢᠶᠠᠷ᠂ ᠨᠠᠢᠮᠠᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠪᠥᠬᠦ ᠬᠤᠲᠠ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 366.33 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠨᠢᠳᠤᠨᠤᠨ ᠤ ᠠᠳᠠᠯᠢ ᠬᠤᠭᠤᠴᠠᠭᠠᠨ ᠤ 6.28 ᠳᠠᠬᠢᠨ᠂ 2019 ᠣᠨ ᠤ ᠠᠳᠠᠯᠢ ᠬᠤᠭᠤᠴᠠᠭᠠᠨ ᠤ 1.27 ᠳᠠᠬᠢᠨ ᠪᠣᠯᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 26.13 ᠳ᠋ᠦᠩᠰᠢᠭᠤᠷ ᠲᠥᠭᠦᠷᠢᠭ ᠬᠦᠷᠪᠡ᠃      ᠬᠤᠣᠰ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠲᠠ ᠰᠣᠶᠣᠯ ᠤᠨ ᠠᠭᠤᠯᠬᠤᠨ ᠢ ᠭᠦᠨᠵᠡᠭᠡᠢ ᠠᠭᠤᠳᠠᠯᠵᠤ᠂ ᠠᠬᠤᠢ ᠳᠤ ᠠᠭᠤᠰᠤᠨ ᠣᠷᠣᠭᠰᠠᠨ ᠮᠠᠶ᠋ᠢᠭ ᠤᠨ ᠰᠣᠶᠣᠯ ᠵᠢᠭᠤᠯᠴᠢᠯᠠᠯ ᠤᠨ ᠠᠬᠤᠢ ᠪᠠᠶᠢᠳᠠᠯ ᠢ ᠪᠦᠲᠦᠭᠡᠵᠦ᠂ ︽ᠠᠮᠲᠠᠲᠤ ᠢᠳᠡᠭᠡᠨ ᠤ ᠰᠣᠶᠣᠯ︾ ᠤᠨ ᠲᠣᠭᠤᠷᠢᠨ ᠳᠤ 2023 ᠣᠨ ᠤ ᠱᠣᠣᠮᠠᠢ ᠶᠢᠨ ᠠᠮᠳᠠᠳᠤ ᠢᠳᠡᠭᠡᠨ ᠤ ᠰᠣᠶᠣᠯ ᠤᠨ ᠡᠭᠦᠳᠦᠯᠲᠡ ᠶᠢᠨ ᠦᠵᠡᠭᠦᠯᠦᠯᠭᠡ ᠶᠢᠨ ᠤᠷᠤᠯᠳᠤᠭᠠᠨ ᠢ ᠡᠷᠭᠢᠯᠡᠵᠦ᠂ ︽ᠲᠡᠦᠬᠡ ᠰᠣᠶᠣᠯ︾ ᠤᠨ ᠲᠣᠭᠤᠷᠢᠨ ᠳᠤ ︽ᠵᠣᠣ ᠵᠢᠶᠦ᠋ᠨ ᠤ ᠡᠪᠰᠡᠯ ᠤᠷᠤᠭ︾ ᠤᠨ ᠦᠨᠡᠨ ᠠᠬᠤᠢ ᠶᠢᠨ ᠵᠡᠭᠡᠯᠢ ᠭᠤᠳᠤᠮᠵᠢ ᠶᠢᠨ ᠲᠣᠭᠯᠠᠯᠲᠠ ᠭᠠᠷᠭᠠᠵᠤ᠂ ︽ᠬᠤᠲᠠ ᠶᠢᠨ ᠰᠣᠶᠣᠯ︾ ᠤᠨ ᠲᠣᠭᠤᠷᠢᠨ ᠳᠤ ︽ᠬᠥᠬᠡᠬᠤᠲᠠ ᠶᠢᠨ ᠵᠤᠭᠠᠴᠠᠯ ᠤᠨ ᠲᠥᠯᠥᠪᠯᠡᠭᠡ︾ ᠶᠢ ᠬᠡᠷᠡᠭᠵᠢᠭᠦᠯᠵᠦ᠂ ︽ᠤᠯᠠᠮᠵᠢᠯᠠᠯᠲᠤ ᠰᠣᠶᠣᠯ︾ ᠤᠨ ᠲᠣᠭᠤᠷᠢᠨ ᠳᠤ ᠠᠩᠬᠠᠳᠤᠭᠠᠷ ᠬᠤᠭᠤᠴᠠᠭᠠᠨ ᠤ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠩᠭᠡᠯ ᠤᠨ ᠬᠦᠷᠢᠶᠡᠯᠡᠩ ᠤᠨ ᠳᠤᠮᠳᠠᠳᠤ ᠶᠢᠨ ᠡᠯᠧᠮᠧᠨ᠋ᠲ ᠤᠨ ᠰᠣᠶᠣᠯ ᠤᠨ ᠨᠠᠶᠢᠷ ᠢ ᠡᠷᠭᠢᠯᠡᠵᠦ᠂ ᠤᠮᠠᠷᠠᠲᠤ ᠬᠢᠯᠢ ᠶᠢᠨ ᠰᠣᠶᠣᠯ ᠤᠨ ᠣᠶᠢᠯᠠᠭᠠᠯᠲᠠ ᠶᠢ ᠠᠮᠠᠷᠠᠯᠲᠠ ᠶᠢᠨ ᠡᠳᠦᠷ ᠤᠨ ᠤᠷᠤᠰᠬᠠᠯ ᠪᠣᠯᠭᠠᠪᠠ᠃      ᠠᠮᠠᠷᠠᠯᠲᠠ ᠶᠢᠨ ᠬᠤᠭᠤᠴᠠᠭᠠᠨ ᠳᠤ᠂ ᠪᠣᠭᠤᠮᠲᠠ ᠶᠢᠨ ᠬᠠᠭᠤᠴᠢᠨ ᠵᠡᠭᠡᠯᠢ ᠵᠤᠭᠠᠴᠠᠭᠰᠠᠳ ᠢ ᠨᠡᠶᠢᠲᠡ 100.54 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠣᠪᠣᠭ᠎ᠠ ᠲᠣᠰᠬᠤᠨ ᠵᠤᠭᠠᠴᠠᠭᠰᠠᠳ ᠢ ᠨᠡᠶᠢᠲᠡ 63 ᠲᠦᠮᠡᠨ ᠬᠥᠮᠥᠨ ᠤᠳᠠᠭ᠎ᠠ ᠬᠦᠯᠢᠶᠡᠨ ᠠᠪᠴᠤ ᠵᠣᠴᠢᠯᠠᠵᠠᠢ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ