ᠦᠴᠦᠸᠠᠨ ᠰᠢᠶᠠᠨ 2023 ᠣᠨ ᠤ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/9
      9 ᠳ᠋ᠤᠭᠠᠷ ᠰᠠᠷ᠎ᠠ ᠶᠢᠨ 27 ᠤ ᠡᠳᠦᠷ᠂ ᠦᠴᠦᠸᠠᠨ ᠰᠢᠶᠠᠨ 2023 ᠣᠨ ᠤ ᠨᠠᠮᠤᠷ ᠡᠪᠦᠯ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮᠤᠷ ᠡᠪᠦᠯ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠣᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠪᠠᠶᠢᠳᠠᠯ ᠳᠤ ᠵᠠᠳᠠᠯᠤᠯᠲᠠ ᠬᠢᠭᠰᠡᠨ ᠪᠥᠭᠡᠳ ᠨᠠᠮᠤᠷ ᠡᠪᠦᠯ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠃ ᠬᠤᠶᠠᠷ ᠲᠤ ᠭᠠᠯ ᠤᠨ ᠡᠬᠢ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠠᠭᠤᠯᠠᠨ ᠳᠤ ᠣᠷᠣᠬᠤ ᠪᠠᠶᠢᠴᠠᠭᠠᠯᠲᠠ ᠶᠢᠨ ᠰᠡᠷᠭᠡᠶᠢᠯᠡᠯᠲᠡ ᠶᠢᠨ ᠱᠤᠭᠤᠮ᠂ ᠡᠳᠦᠷ ᠳᠤᠳᠤᠮ ᠤᠨ ᠲᠣᠭᠤᠷᠢᠨ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠭᠤᠷᠪᠠ ᠳᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠠᠲᠤᠳᠬᠠᠵᠤ ᠂ ᠬᠠᠷᠢᠯᠴᠠᠨ ᠬᠠᠮᠵᠢᠯᠴᠠᠬᠤ ᠶᠢ ᠴᠢᠩᠭᠠᠳᠬᠠᠵᠤ᠂ ᠬᠠᠮᠢᠶᠠᠷᠴᠤ ᠬᠠᠮᠠᠭᠠᠯᠠᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠳᠥᠷᠪᠡ ᠳᠤ ᠭᠠᠯ ᠰᠡᠷᠭᠡᠶᠢᠯᠡᠨ ᠭᠠᠯ ᠤᠨᠲᠠᠷᠠᠭᠠᠬᠤ ᠡᠳ᠋ ᠪᠣᠳᠠᠰ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠯ ᠰᠡᠷᠭᠡᠶᠢᠯᠡᠨ ᠭᠠᠯ ᠤᠨᠲᠠᠷᠠᠭᠠᠬᠤ ᠡᠩᠨᠡᠭᠡᠨ ᠤ ᠭᠠᠯ ᠤᠨᠲᠠᠷᠠᠭᠠᠵᠤ ᠠᠶᠤᠯ ᠠᠴᠠ ᠠᠪᠤᠷᠬᠠᠤ ᠴᠢᠳᠠᠪᠤᠷᠢ᠂ ᠠᠶᠤᠯ ᠠᠴᠠ ᠪᠠᠴᠢᠮ ᠵᠠᠶᠢᠯᠠᠬᠤ ᠮᠡᠳᠡᠯᠭᠡ ᠶᠢᠨ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭᠠᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠠᠳᠬᠤᠵᠤ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ ᠵᠢᠷᠭᠤᠭ᠎ᠠ ᠳᠤ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠣᠯᠵᠤ ᠮᠡᠳᠡᠭᠰᠡᠨ ᠠᠰᠠᠭᠤᠳᠠᠯ ᠪᠠ ᠳᠠᠯᠳᠠ ᠬᠡᠮ ᠢ ᠴᠠᠭ ᠲᠤᠬᠠᠢ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ