ᠰᠣᠶᠣᠯ ᠤᠨ ᠥᠪ ᠢ ᠤᠯᠠᠮᠵᠢᠯᠠᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2023/10/9
ᠰᠤᠷᠪᠤᠯᠵᠢᠯᠠᠭᠴᠢ ᠨᠠᠪᠴᠢ      ᠣᠶᠢᠷ᠎ᠠ ᠶᠢᠨ ᠡᠳᠦᠷ᠂ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ︽ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠤᠶ᠎ᠠ︾ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠢᠴᠢ ᠳᠥᠴᠢᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠬᠠᠮᠲᠤ ᠪᠠᠷ ᠣᠷᠣᠵᠤ᠂ ᠴᠠᠭᠠᠰᠤᠨ ᠬᠠᠶᠢᠴᠢᠯᠠᠮᠠᠯ᠂ ᠰᠢᠪᠠᠷ ᠱᠤᠭᠤᠮᠠᠯ᠂ ᠭᠤᠯᠢᠷ ᠤᠨ ᠱᠤᠭᠤᠮᠠᠯ᠂ ᠥᠨᠳᠡᠭᠡᠨ ᠰᠡᠶᠢᠯᠦᠮᠡᠯ᠂ ᠪᠥᠰ ᠨᠠᠭᠠᠮᠠᠯ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢ ᠰᠤᠷᠭᠠᠭᠤᠯᠢ ᠶᠢᠨ ᠬᠦᠷᠢᠶᠡᠨ ᠳᠤ ᠤᠷᠢᠵᠤ᠂ ᠤᠯᠠᠮᠵᠢᠯᠠᠭᠴᠢ ᠨᠠᠷ ᠲᠤᠬᠠᠢ ᠶᠢᠨ ᠲᠠᠯᠠᠪᠤᠷ ᠲᠤ ᠮᠡᠷᠭᠡᠵᠢᠯ ᠢᠶᠠᠨ ᠵᠢᠭᠠᠵᠤ ᠦᠵᠡᠭᠦᠯᠦᠭᠰᠡᠨ ᠪᠠᠶᠢᠨ᠎ᠠ᠃ ᠲᠤᠬᠠᠢ ᠶᠢᠨ ᠲᠠᠯᠠᠪᠤᠷ ᠲᠤ ᠪᠠᠰᠠ ᠤᠷᠠᠨ ᠪᠦᠲᠦᠭᠡᠯ ᠤᠨ ᠦᠵᠡᠭᠦᠯᠭᠡ ᠲᠣᠬᠢᠷᠠᠭᠤᠯᠵᠤ᠂ ᠪᠠᠭᠰᠢ ᠰᠤᠷᠤᠭᠴᠢᠳ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠴᠢᠩᠭᠠᠳᠬᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠣᠶᠣᠯ ᠤᠨ ᠢᠲᠡᠭᠡᠯ ᠢ ᠨᠢ ᠪᠠᠲᠤᠳᠬᠠᠵᠤ᠂ ᠪᠤᠳᠠᠰ ᠤᠨ ᠪᠤᠰᠤ ᠰᠤᠶᠤᠯ ᠤᠨ ᠦᠪ ᠤᠨ ᠰᠤᠶᠤᠯ ᠢ ᠤᠯᠠᠮᠵᠢᠯᠠᠭᠰᠠᠨ ᠪᠠᠶᠢᠨ᠎ᠠ᠃ ︽ᠤᠯᠤᠰ ᠤᠨ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠪᠣᠯᠤᠭᠰᠠᠨ ᠤ ᠬᠤᠪᠢ ᠳᠤ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠬᠥᠮᠦᠵᠢᠯ ᠳᠤ ᠦᠵᠡᠭᠦᠯᠬᠦ ᠥᠷᠲᠡᠭ ᠤᠨ ᠴᠢᠳᠠᠮᠵᠢ ᠶᠢ ᠢᠳᠡᠪᠬᠢᠳᠡᠢ ᠰᠦᠪᠡᠭᠴᠢᠯᠡᠵᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠭᠡᠷᠡᠴᠢᠯᠡᠯᠲᠡ ᠪᠠ ᠰᠢᠨ᠎ᠡ ᠡᠭᠦᠳᠦᠯᠲᠡ ᠶᠢ ᠬᠠᠶᠢᠵᠤ ᠪᠠᠶᠢᠨ᠎ᠠ᠃ ᠡᠨᠡ ᠬᠦ ᠠᠵᠢᠯᠯᠠᠭ᠎ᠠ ᠪᠠᠷ ᠳᠠᠮᠵᠢᠨ ᠳᠤᠮᠳᠠᠳᠤ ᠶᠢᠨ ᠰᠣᠶᠣᠯ ᠤᠨ ᠲᠤᠬᠠᠢ ᠪᠠᠭᠰᠢ ᠰᠤᠷᠤᠭᠴᠢᠳ ᠤᠨ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠪᠠᠭᠰᠢ ᠰᠤᠷᠤᠭᠴᠢᠳ ᠤᠨ ᠰᠣᠶᠣᠯ ᠢ ᠮᠡᠳᠡᠷᠡᠬᠦ ᠰᠡᠳᠬᠢᠯᠭᠡ᠂ ᠢᠲᠡᠭᠡᠯ ᠵᠣᠷᠢᠭ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠡᠩ ᠢᠯᠡᠭᠦᠦ ᠴᠢᠩᠭᠠᠷᠠᠭᠤᠯᠤᠯ᠎ᠠ︾ ᠭᠡᠵᠦ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠤᠤ ᠹᠠᠨ ᠲᠠᠨᠢᠯᠴᠠᠭᠤᠯᠪᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ