ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠰᠤᠷᠭᠠᠭᠤᠯᠢ ᠶᠢᠨ ᠬᠦᠷᠢᠶᠡᠨ ᠳᠤ ᠣᠷᠤᠯ᠎ᠠ
ᠨᠡᠶᠢᠲᠡᠯᠡᠭᠰᠡᠨ ᠴᠠᠭ᠄
2023/11/10
6e781c14-26c9-44c6-b013-24e0cd2e102a (1).jpg
      ᠰᠤᠷᠤᠭᠴᠢᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ᠂ ᠰᠤᠷᠤᠭᠴᠢᠳ ᠤᠨ ᠶᠡᠷᠦᠩᠬᠡᠢ ᠬᠡᠪ ᠪᠣᠯᠪᠠᠰᠤᠷᠠᠯ ᠪᠠ  ᠰᠣᠶᠣᠯ ᠢᠷᠭᠡᠨᠰᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠨᠠᠩ ᠣᠯᠠᠨ ᠰᠤᠷᠤᠭᠴᠢᠳ ᠲᠤ ᠬᠢᠴᠢᠶᠡᠯ ᠤᠨ ᠭᠠᠳᠠᠨᠠᠬᠢ ᠦᠢᠯᠡᠳᠦᠯᠭᠡ ᠶᠢᠨ ᠠᠵᠢᠯᠯᠠᠭ᠎ᠠ ᠶᠢᠨ ᠬᠠᠪᠤ ᠴᠡᠩᠭᠡᠯ ᠢ ᠭᠦᠢᠴᠡᠳ ᠣᠶᠢᠯᠠᠭᠠᠭᠤᠯᠬᠤ ᠶᠢᠨ ᠲᠥᠯᠥᠭᠡ᠂ ᠲᠦᠷᠦᠭᠦᠬᠡᠨ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠢᠦᠢ ᠴᠢᠤᠸᠠᠨ ᠲᠣᠭᠤᠷᠢᠭ ᠤᠨ ᠶᠢᠨ ᠾᠧ ᠡᠮᠦᠨ᠎ᠡ ᠵᠡᠭᠡᠯᠢ ᠶᠢᠨ ᠪᠠᠭ᠎ᠠ ᠰᠤᠷᠭᠠᠭᠤᠯᠢ ᠳᠤ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠳᠤᠮᠳᠠ᠂ ᠲᠤᠰᠬᠠᠢ ᠮᠡᠷᠭᠡᠵᠢᠯ ᠤᠨ ᠳᠠᠰᠬᠠᠯᠵᠢᠭᠤᠯᠤᠭᠴᠢ ᠠᠴᠠ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠬᠤᠯᠠ ᠠᠴᠢ ᠬᠤᠯᠪᠣᠭᠳᠠᠯ ᠪᠠ ᠦᠢᠯᠡᠳᠦᠯ ᠢ ᠲᠠᠨᠢᠯᠴᠠᠭᠤᠯᠵᠤ᠂ ᠰᠤᠷᠤᠭᠴᠢᠳ ᠲᠤᠰᠬᠠᠢ ᠮᠡᠷᠭᠡᠵᠢᠯ ᠤᠨ ᠳᠠᠰᠬᠠᠯᠵᠢᠭᠤᠯᠤᠭᠴᠢ ᠶᠢᠨ ᠳᠠᠭᠠᠭᠤᠯᠭ᠎ᠠ ᠳᠣᠣᠷ᠎ᠠ᠂ ᠰᠢᠷᠡᠭᠡᠨ ᠳᠡᠭᠡᠷᠡᠬᠢ ᠮᠥᠰᠥᠨ ᠳᠡᠪᠦᠷ᠎ᠡ᠂  ᠰᠣᠨᠢᠷᠬᠠᠯᠲᠤ ᠲᠣᠭᠯᠠᠭᠠᠮ ᠵᠡᠷᠭᠡ ᠲᠠᠮᠢᠷ ᠤᠨ ᠤᠷᠤᠯᠳᠤᠭᠠᠨ ᠤ ᠵᠦᠢᠯ ᠢᠶᠠᠷ ᠳᠡᠮᠵᠢᠨ᠂ ᠬᠠᠭᠤᠷᠠᠢ ᠭᠠᠵᠠᠷ ᠤᠨ ᠪᠣᠯᠪᠠᠰᠤᠷᠠᠯ ᠤᠨ ᠳᠤᠮᠳᠠ ᠴᠠᠰᠤᠨ ᠳᠡᠭᠡᠷᠡᠬᠢ ᠲᠠᠮᠢᠷ ᠤᠨ ᠬᠥᠳᠡᠯᠭᠡᠭᠡᠨ ᠤ ᠲᠦᠷᠦᠯ ᠤᠨ ᠬᠠᠪᠤ ᠴᠡᠩᠭᠡᠯ ᠢ ᠪᠡᠶᠡᠴᠢᠯᠡᠨ ᠣᠶᠢᠯᠠᠭᠠᠵᠠᠢ᠃       ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ