ᠪᠣᠣ ᠭᠠᠩ ᠢᠦᠢ ᠴᠢᠤᠸᠠᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ ᠪᠣᠳᠠᠲᠠᠢ ᠠᠵᠢᠯᠯᠠᠵᠤ ᠪᠣᠳᠠᠲᠠᠢ ᠦᠷ᠎ᠡ ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠢ ᠪᠤᠳᠠᠳᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/11/13
       ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠢᠦᠢ ᠴᠢᠤᠸᠠᠨ ᠲᠣᠭᠤᠷᠢᠭ ᠲᠤ ᠬᠦᠷᠴᠦ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠯᠣᠭᠤᠳᠪᠠ᠃       ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ ᠢᠦᠢ ᠯᠦᠩ ᠠᠵᠤ ᠦᠢᠯᠡᠰ ᠤᠨ ᠬᠦᠷᠢᠶᠡᠯᠡᠩ ᠳᠤ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠪᠣᠯᠣᠨ ᠲᠥᠪ ᠲᠣᠭᠤᠭᠠᠨ ᠭᠡᠷ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠪᠠᠶᠢᠴᠠᠭᠠᠨ ᠦᠵᠡᠵᠦ᠂ ᠭᠤᠶᠣᠣ ᠶᠢᠨ ᠠᠵᠤ ᠦᠢᠯᠡᠰ ᠪᠣᠯᠣᠨ ᠶᠢᠨ ᠶᠤᠸᠠᠨ ᠺᠠᠩ ᠠᠮᠢᠳᠤ ᠪᠣᠳᠠᠰ ᠤᠨ ᠢᠨᠵᠧᠨᠧᠷᠢᠩ ᠬᠤᠶᠠᠷ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠵᠢᠴᠢ ᠲᠤᠷᠰᠢᠯᠲᠠ ᠶᠢᠨ ᠲᠠᠰᠤᠭ ᠢ ᠲᠣᠭᠤᠷᠢᠨ ᠦᠵᠡᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯᠲᠠ᠂ ᠲᠦᠷᠦᠯ ᠵᠦᠢᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠰᠤᠳᠤᠯᠤᠨ ᠨᠡᠭᠡᠭᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠦᠷᠢᠶᠡᠯᠡᠩ ᠲᠣᠭᠤᠷᠢᠭ ᠢ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠲᠦᠷᠦᠯ ᠵᠦᠢᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠷᠢᠮᠵᠢᠶ᠎ᠠ ᠦᠢᠯᠡᠳᠪᠦᠷᠢ ᠶᠢᠨ ᠭᠡᠷ ᠪᠠᠶᠢᠰᠢᠩ ᠵᠢᠴᠢ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠴᠢᠨᠠᠷ ᠰᠠᠶᠢᠲᠠᠢ ᠣᠷᠴᠢᠨ ᠲᠣᠭᠤᠷᠢᠨ ᠬᠠᠩᠭᠠᠵᠤ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢ ᠪᠤᠵᠠᠭᠠᠶᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃ ᠨᠠᠨ ᠬᠤᠤ‌ᠨᠠᠭᠤᠷ ᠤᠨ ᠨᠤᠭᠤ ᠭᠠᠵᠠᠷ ᠤᠨ ᠴᠡᠴᠡᠷᠯᠢᠭ ᠲᠤ ᠪᠣᠣ ᠭᠠᠩ ᠠᠮᠢ ᠠᠬᠤᠢ ᠶᠢ ᠰᠡᠷᠭᠦᠭᠡᠬᠦ ᠢᠨᠵᠧᠨᠧᠷᠢᠩ ᠪᠣᠯᠣᠨ ᠡᠷᠬᠢᠨ ᠲᠣᠭᠤᠷᠢᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠲᠦᠷᠦᠯ ᠵᠦᠢᠯ ᠤᠨ ᠲᠥᠯᠦᠪᠵᠢᠭᠦᠯᠭᠡ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃      ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠳᠠᠭᠤᠰᠤᠭᠰᠠᠨ ᠤ ᠲᠠᠷᠠᠭ᠎ᠠ᠂ ᠪᠣᠣ ᠭᠠᠩ ᠢᠦᠢ ᠴᠢᠤᠸᠠᠨ ᠲᠣᠭᠤᠷᠢᠭ ᠤᠨ ᠭᠤᠣᠯ ᠰᠡᠳᠦᠪᠲᠦ ᠬᠥᠮᠦᠵᠢᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠰᠣᠨᠣᠰᠴᠠᠢ᠃ ᠲᠡᠷᠡ ᠬᠡᠯᠡᠭᠰᠡᠨ ᠨᠢ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠡᠷᠬᠡᠪᠰᠢ ︽ᠪᠣᠳᠠᠲᠠᠢ︾ ᠭᠡᠳᠡᠭ ᠢ ᠳᠣᠪᠤᠶᠢᠯᠭᠠᠬᠤ ᠬᠡᠷᠡᠭᠲᠡᠢ᠂ ᠣᠨᠣᠯ ᠤᠨ ᠰᠤᠷᠤᠯᠴᠠᠯᠭ᠎ᠠ ᠶᠢ ᠭᠠᠵᠠᠷ ᠣᠷᠣᠨ ᠤ ᠠᠵᠢᠯ ᠤᠨ ᠪᠣᠳᠠᠲᠠᠢ ᠪᠠᠶᠢᠳᠠᠯ ᠲᠠᠢ ᠤᠶᠠᠯᠳᠤᠭᠤᠯᠬᠤ ᠬᠡᠷᠡᠭᠲᠡᠢ᠂ ᠳᠡᠭᠡᠷ᠎ᠡ ᠳᠣᠣᠷ᠎ᠠ ᠱᠠᠲᠤ ᠪᠠᠷ ᠢᠶᠠᠨ ᠠᠳᠠᠯᠢᠬᠠᠨ ᠪᠠᠶᠢᠵᠤ ᠪᠣᠯᠬᠤ ᠦᠭᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠠᠭᠠᠨ ᠦᠨᠡᠨ ᠪᠠᠶᠢᠴᠠᠭᠠᠵᠤ ᠪᠣᠳᠠᠲᠠᠢ ᠬᠠᠯᠠᠨ ᠰᠠᠶᠢᠵᠢᠷᠠᠭᠤᠯᠵᠤ᠂ ᠭᠠᠵᠠᠷ ᠣᠷᠣᠨ ᠤ ᠠᠯᠤᠰ ᠬᠡᠳᠤ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠤᠨ ᠵᠠᠩᠭᠢᠯᠠᠭ᠎ᠠ ᠶᠢ ᠦᠨᠡᠨᠬᠦ ᠰᠢᠢᠳᠪᠦᠷᠢᠯᠡᠵᠦ᠂ ᠳᠤᠲᠠᠭᠤ ᠪᠠᠭᠤᠷᠠᠢ ᠲᠠᠯ᠎ᠠ ᠪᠠᠨ ᠨᠥᠬᠦᠪᠦᠷᠢᠯᠡᠬᠦ ᠳᠤ ᠬᠦᠴᠦ ᠲᠠᠯᠪᠢᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠦᠨ᠂ ᠠᠵᠤ ᠦᠢᠯᠡᠰ ᠤᠨ ᠬᠥᠭᠵᠢᠯᠲᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠠᠬᠤᠶᠢᠯᠠᠯ ᠪᠣᠯᠣᠨ ᠲᠦᠷᠦᠯ ᠵᠦᠢᠯ ᠢ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠦᠨ ᠪᠥᠭᠡᠮᠨᠡᠷᠡᠭᠦᠯᠵᠦ᠂ ᠬᠡᠪᠴᠢᠶᠡᠵᠢᠭᠰᠡᠨ᠂ ᠲᠦᠷᠦᠯ ᠲᠡᠮᠳᠡᠭᠲᠦ ᠶᠢᠨ ᠦᠷ᠎ᠡ ᠠᠰᠢᠭ ᠢ ᠪᠤᠢ ᠪᠣᠯᠭᠠᠬᠤ ᠬᠡᠷᠡᠭᠲᠡᠢ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠤᠯᠠᠷᠢᠯᠠᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠬᠡᠷᠡᠭᠲᠡᠢ᠃ ᠭᠤᠷᠪᠠᠳᠤᠭᠠᠷ ᠲᠣᠭᠤᠷᠢᠯ ᠵᠠᠮ᠂ ᠰᠢᠨ᠎ᠡ ᠨᠢᠰᠬᠡᠯ ᠤᠨ ᠪᠠᠭᠤᠳᠠᠯ ᠵᠡᠷᠭᠡ ᠵᠠᠮ ᠬᠠᠷᠢᠯᠴᠠᠭᠠᠨ ᠤ ᠳᠠᠪᠠᠭᠤᠯᠢᠭ ᠲᠤ ᠲᠦᠰᠢᠭᠯᠡᠨ᠂ ᠠᠷᠠᠯᠵᠢᠶ᠎ᠠ ᠬᠤᠳᠠᠯᠳᠤᠭ᠎ᠠ᠂ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠬᠤ ᠬᠡᠷᠡᠭᠲᠡᠢ᠃ ︽ᠰᠣᠶᠣᠯ ᠤᠨ ᠬᠦᠴᠦᠷᠬᠡᠭ ᠣᠷᠣᠨ ︾ ᠢ ᠡᠭᠦᠳᠦᠨ ᠪᠠᠶᠢᠭᠤᠯᠵᠤ᠂ ᠪᠣᠭᠤᠮᠲᠠ ᠶᠢᠨ ᠬᠠᠭᠤᠴᠢᠨ ᠵᠡᠭᠡᠯᠢ᠂ ᠶᠡᠭᠡ ᠵᠤᠤ ᠶᠢᠨ ᠡᠮᠦᠨ᠎ᠡ ᠵᠡᠭᠡᠯᠢ ᠵᠡᠷᠭᠡ ᠣᠨᠴᠠᠯᠢᠭᠲᠤ ᠵᠡᠭᠡᠯᠢ ᠲᠣᠭᠤᠷᠢᠭ ᠢ ᠰᠠᠶᠢᠲᠤᠷ ᠪᠠᠶᠢᠭᠤᠯᠵᠤ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠵᠤ᠂ ᠶᠡᠭᠡ ᠲᠦᠷᠭᠡᠨ ᠭᠤᠣᠯ ᠤᠨ ᠡᠷᠭᠢ ᠳᠠᠭᠠᠤ ᠶᠢᠨ ᠠᠶᠢᠯ ᠪᠠᠭᠤᠴᠠ ᠶᠢᠨ ᠠᠵᠤ ᠠᠬᠤᠢ᠂ ᠬᠡᠭᠡᠷ᠎ᠡ ᠪᠠᠭᠤᠳᠠᠯᠯᠠᠬᠤ ᠠᠵᠤ ᠠᠬᠤᠢ ᠶᠢ ᠰᠠᠶᠢᠲᠤᠷ ᠬᠢᠵᠦ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠬᠡᠷᠡᠭᠲᠡᠢ᠃ ᠭᠤᠣᠯ ᠳᠠᠭᠠᠤ ᠶᠢᠨ ᠮᠥᠰᠥᠨ ᠳ᠋ᠧᠩ ᠤᠨ ᠦᠵᠡᠭᠦᠯᠭᠡ ᠵᠡᠷᠭᠡ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠢᠳᠡᠪᠬᠢᠲᠡᠢ ᠲᠥᠯᠥᠪᠵᠢᠭᠦᠯᠵᠦ᠂ ᠰᠣᠶᠣᠯ ᠵᠢᠭᠤᠯᠴᠢᠯᠠᠯ ᠤᠨ ︽ᠬᠠᠯᠠᠮᠰᠢᠯ︾ ᠠᠵᠤ ᠠᠬᠤᠢ ᠶᠢ ᠳᠠᠶᠢᠴᠢᠯᠠᠬᠤ ᠬᠡᠷᠡᠭᠲᠡᠢ᠃ ᠬᠤᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠳᠠ ᠶᠢᠨ ᠭᠤᠣᠯ ᠵᠠᠮ ᠤᠨ ᠡᠷᠬᠢᠨ ᠲᠣᠭᠤᠷᠢᠨ ᠤ ᠭᠠᠵᠠᠷ ᠰᠢᠷᠣᠢ ᠶᠢᠨ ᠲᠥᠯᠦᠪᠵᠢᠭᠦᠯᠭᠡ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠥᠯᠦᠪᠵᠢᠭᠦᠯᠭᠡ ᠪᠣᠯᠣᠨ ᠣᠷᠴᠢᠨ ᠲᠣᠭᠤᠷᠢᠨ ᠤ ᠴᠣᠭᠴᠠᠯᠠᠯᠲᠠ ᠶᠢ ᠰᠠᠶᠢᠲᠤᠷ ᠬᠢᠵᠦ᠂ ᠬᠤᠳᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠪᠣᠯᠣᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠠᠭᠤᠴᠢᠨ ᠬᠤᠳᠠ ᠶᠢᠨ ᠲᠣᠭᠤᠷᠢᠭ ᠤᠨ ᠶᠠᠰᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠰᠢᠯᠢᠳᠡᠭ ᠰᠤᠷᠭᠠᠨ ᠬᠥᠮᠦᠵᠢᠯ᠂ ᠡᠮ ᠡᠮᠨᠡᠯᠭᠡ ᠶᠢᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠬᠤᠳᠠ ᠶᠢᠨ ᠲᠣᠭᠤᠷᠢᠭ ᠤᠨ ᠲᠠᠲᠠᠬᠤ ᠬᠦᠴᠦᠨ ᠪᠠ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ᠃ ᠺᠠᠳ᠋ᠷ ᠤᠨ ᠴᠢᠳᠠᠪᠤᠷᠢ ᠰᠤᠷᠲᠠᠯ ᠤᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠺᠠᠳ᠋ᠷᠴᠤᠳ ᠤᠨ︽ᠴᠤᠭ ᠰᠦᠯᠳᠡ︾ ᠶᠢ ᠪᠦᠬᠦ ᠲᠠᠯ᠎ᠠ ᠪᠠᠷ ᠪᠠᠳᠠᠷᠠᠭᠠᠵᠤ᠂ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂  ᠵᠣᠷᠢᠭᠲᠠᠢ ᠪᠠᠶᠢᠯᠳᠤᠵᠤ ᠵᠣᠷᠢᠭᠲᠠᠢ ᠲᠡᠮᠡᠴᠡᠬᠦ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠦᠢ ᠴᠢᠤᠸᠠᠨ ᠲᠣᠭᠤᠷᠢᠭ ᠤᠨ ᠲᠡᠷᠢᠭᠦᠨ ᠢ ᠲᠡᠮᠡᠴᠡᠨ ᠤᠷᠤᠭᠰᠢ ᠳᠠᠪᠰᠢᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠱᠠᠩ ᠵᠢᠩ ᠮᠢᠨ᠂ ᠸᠠᠩ ᠬᠠᠢ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ