ᠬᠤᠷᠢᠨᠭᠡᠷ ᠰᠢᠶᠠᠨ ᠳᠤ 3 ᠬᠤᠲᠠ ᠶᠢᠨ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠰᠢᠨ᠎ᠡ ᠨᠡᠮᠡᠭᠳᠡᠪᠡ
ᠨᠡᠶᠢᠲᠡᠯᠡᠭᠰᠡᠨ ᠴᠠᠭ᠄
2023/11/14
      ᠣᠶᠢᠷ᠎ᠠ ᠳᠤ᠂ ︽2023 ᠣᠨ ᠤ ᠬᠥᠬᠡᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠦᠨᠡᠯᠡᠨ ᠲᠣᠭᠲᠠᠭᠠᠬᠤ ᠨᠡᠷᠡᠰ︾ ᠨᠡᠶᠢᠲᠡᠯᠡᠭᠳᠡᠪᠡ᠂ ᠬᠤᠷᠢᠨᠭᠡᠷ ᠰᠢᠶᠠᠨ ᠳᠤ ᠲᠠᠬᠢᠨ ᠪᠠᠰᠠ 3 ᠬᠤᠳᠠ ᠶᠢᠨ ᠲᠡᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠨᠡᠮᠡᠭᠳᠡᠵᠦ᠂ ᠡᠨᠡ ᠨᠢ ᠲᠤᠰ ᠲᠤᠰ ᠬᠤᠷᠢᠨᠭᠡᠷ ᠰᠢᠶᠠᠨ ᠤ ᠯᠢᠦᠢ ᠶᠧ ᠣᠨᠴᠠᠯᠢᠭᠲᠤ ᠵᠢᠮᠢᠰ ᠢᠳᠡᠰᠢᠨ ᠨᠣᠭᠤᠭ᠎ᠠ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠤᠷᠢᠨᠭᠡᠷ ᠰᠢᠶᠠᠨ ᠤ ᠱᠧᠩ ᠵᠢᠶᠠᠨ ᠪᠠᠷᠢᠮᠵᠢᠶ᠎ᠠ ᠰᠠᠭᠠᠯᠢ ᠶᠢᠨ ᠢᠮᠠᠭᠠᠨ ᠤ ᠲᠠᠷᠢᠶᠠᠯᠠᠩ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠤᠷᠢᠨᠭᠡᠷ ᠰᠢᠶᠠᠨ ᠤ ᠸᠠᠨ ᠰᠧᠨ ︱ ᠵᠦᠩ ᠨᠦᠩ ᠢᠳᠡᠰᠢᠨ ᠬᠤᠨᠢᠨ ᠤ ᠲᠠᠷᠢᠶᠠᠯᠠᠩ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠨ᠎ᠠ᠃      ᠣᠶᠢᠷ᠎ᠠ ᠶᠢᠨ ᠵᠢᠯ ᠤᠨ ᠲᠤᠷᠰᠢ᠂ ᠬᠤᠷᠢᠨᠭᠡᠷ ᠰᠢᠶᠠᠨ ᠬᠥᠳᠡᠭᠡ ᠲᠣᠰᠬᠤᠨ ᠤ ᠠᠵᠤ ᠦᠢᠯᠡᠰ ᠤᠨ ᠰᠢᠨ᠎ᠡ ᠶᠢ ᠡᠭᠦᠳᠬᠦ ᠦᠷᠭᠦᠯᠵᠢᠯᠡᠬᠦ ᠬᠥᠭᠵᠢᠯᠲᠡ ᠶᠢᠨ ᠲᠣᠭᠤᠷᠢᠨ ᠳᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠴᠡᠭ ᠢ ᠬᠦᠴᠦᠯᠡᠨ ᠡᠭᠦᠳᠦᠨ ᠪᠠᠶᠢᠭᠤᠯᠪᠠ᠃ ᠣᠳᠣᠬᠠᠨ ᠳᠤ᠂ ᠪᠥᠬᠦ ᠰᠢᠶᠠᠨ ᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ 1᠂ ᠬᠤᠲᠠ ᠶᠢᠨ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ 4᠂ ᠵᠢᠱᠢᠶ᠎ᠡ ᠦᠵᠡᠭᠦᠯᠬᠦ ᠰᠠᠭᠤᠷᠢᠨ ᠭᠠᠵᠠᠷ 8 ᠪᠣᠶ᠂ ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠵᠤ ᠳᠡᠯᠭᠡᠷᠡᠭᠦᠯᠬᠦ᠂ ᠵᠢᠱᠢᠶ᠎ᠡ ᠦᠵᠡᠭᠦᠯᠬᠦ᠂ ᠮᠡᠷᠭᠡᠵᠢᠯ ᠤᠨ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠲᠦᠷᠭᠡᠳᠬᠡᠵᠡᠢ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ