ᠢᠯᠢ ᠶᠢᠨ ᠲᠠᠯ᠎ᠠ ᠨᠤᠲᠤᠭ ᠤᠨ ᠰᠠᠭᠠᠯᠢ ᠶᠢᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤᠯᠤᠰ ᠤᠨ ᠠᠩᠬᠠᠨ ᠤ ᠪᠦᠯᠦᠭ ︽5G + ᠣᠶᠤᠨᠴᠢ ᠵᠢᠭᠤᠯᠴᠢᠯᠠᠯ︾ ᠤᠨ ᠲᠤᠷᠰᠢᠯᠲᠠ ᠶᠢᠨ ᠲᠥᠷᠥᠯ ᠵᠦᠢᠯ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/11/14
      ︵ᠰᠤᠷᠪᠤᠯᠵᠢᠯᠠᠭᠴᠢ ᠯᠢᠦ ᠯᠢ ᠰᠢᠶᠠ︶ ︽︿5G + ᠣᠶᠤᠨᠴᠢ ᠵᠢᠭᠤᠯᠴᠢᠯᠠᠯ﹀ ᠤᠨ ᠬᠡᠷᠡᠭᠯᠡᠭᠡᠨ ᠤ ᠲᠤᠷᠰᠢᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠠᠶᠢᠨ ᠳᠤᠷ᠎ᠠ ᠠᠴᠠ ᠪᠠᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠳᠡᠮᠵᠢᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠠᠴᠠ ᠪᠥᠬᠦ ᠤᠯᠤᠰ ᠤᠨ ᠠᠩᠬᠠᠨ ᠤ ᠪᠦᠯᠦᠭ 30 ︽5G + ᠣᠶᠤᠨᠴᠢ ᠵᠢᠭᠤᠯᠴᠢᠯᠠᠯ︾ ᠤᠨ ᠬᠡᠷᠡᠭᠯᠡᠭᠡᠨ ᠤ ᠲᠤᠷᠰᠢᠯᠲᠠ ᠶᠢᠨ ᠲᠥᠷᠥᠯ ᠵᠦᠢᠯ ᠢ ᠲᠣᠭᠲᠠᠭᠠᠬᠤ ᠪᠠᠷ ᠪᠣᠯᠪᠠ᠃ ᠣᠳᠣ ᠶᠠᠭ ᠡᠳᠡᠭᠡᠷ ᠲᠤᠷᠰᠢᠯᠲᠠ ᠶᠢᠨ ᠲᠥᠷᠥᠯ ᠵᠦᠢᠯ ᠢ ᠢᠯᠡ ᠵᠠᠷᠯᠠᠵᠤ ᠪᠠᠶᠢᠨ᠎ᠠ᠃ ᠡᠭᠦᠨ ᠳᠤ ᠢᠯᠢ ᠶᠢᠨ ᠲᠠᠯ᠎ᠠ ᠨᠤᠲᠤᠭ ᠤᠨ ᠰᠠᠭᠠᠯᠢ ᠶᠢᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠤᠯᠤᠰ ᠤᠨ ᠠᠩᠬᠠᠨ ᠤ ᠪᠦᠯᠦᠭ ︽5G + ᠣᠶᠤᠨᠴᠢ ᠵᠢᠭᠤᠯᠴᠢᠯᠠᠯ︾ ᠤᠨ ᠲᠤᠷᠰᠢᠯᠲᠠ ᠶᠢᠨ ᠲᠥᠷᠥᠯ ᠵᠦᠢᠯ ᠢᠶᠠᠷ ᠦᠨᠡᠯᠡᠭᠳᠡᠵᠦ᠂ ᠮᠥᠨ ᠴᠦ ᠮᠠᠨ ᠤ ᠣᠷᠣᠨ ᠠᠴᠠ ᠰᠣᠩᠭᠤᠭᠳᠠᠭᠰᠠᠨ ᠴᠣᠷ ᠤᠨ ᠭᠠᠭᠴᠠ ᠲᠥᠷᠥᠯ ᠵᠦᠢᠯ ᠪᠣᠯᠣᠨ᠎ᠠ᠃      ᠢᠯᠢ ᠶᠢᠨ ᠲᠠᠯ᠎ᠠ ᠨᠤᠲᠤᠭ ᠤᠨ ᠰᠠᠭᠠᠯᠢ ᠶᠢᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠭᠤᠣᠯᠳᠠᠭᠤ ᠰᠦ ᠶᠢᠨ ᠦᠢᠯᠡᠰ ᠤᠨ ᠰᠣᠶᠣᠯ ᠤᠨ ᠣᠨᠴᠠᠯᠢᠭ ᠪᠣᠯᠣᠨ ᠰᠠᠭᠤᠷᠢᠨ ᠭᠠᠵᠠᠷ ᠤᠨ ᠣᠷᠴᠢᠨ ᠲᠣᠭᠤᠷᠢᠨ ᠤ ᠣᠨᠴᠠᠯᠢᠭ ᠲᠤ ᠲᠦᠰᠢᠭᠯᠡᠨ᠂ ︽ᠪᠦᠬᠦ ᠶᠠᠪᠤᠴᠠ ᠶᠢᠨ᠂ ᠨᠢᠭᠡ ᠥᠷᠲᠡᠭᠡ ᠮᠠᠶ᠋ᠢᠭ ᠤᠨ᠂ ᠥᠪᠡᠷᠮᠢᠴᠡ ᠣᠨᠴᠠᠯᠢᠭ ᠲᠠᠢ︾ ᠣᠶᠤᠨᠴᠢ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠪᠠ︔ ᠰᠣᠶᠣᠯ + ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ + ᠵᠢᠭᠤᠯᠴᠢᠯᠠᠯ᠂ ᠠᠵᠤ ᠦᠢᠯᠡᠳᠪᠦᠷᠢ + ᠵᠢᠭᠤᠯᠴᠢᠯᠠᠯ᠂ ᠰᠤᠳᠤᠯᠵᠤ ᠰᠤᠷᠤᠯᠴᠠᠬᠤ + ᠵᠢᠭᠤᠯᠴᠢᠯᠠᠯ ᠵᠡᠷᠭᠡ ᠵᠠᠭᠪᠤᠷ ᠢ ᠰᠦᠪᠡᠭᠴᠢᠯᠡᠨ ᠦᠢᠯᠡᠳᠦᠯᠭᠡᠵᠢᠭᠦᠯᠵᠦ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ ᠬᠡᠪ ᠳᠠᠭᠤᠷᠢᠶᠠᠯ ᠢ ᠴᠢᠷᠮᠠᠶᠢᠨ ᠪᠣᠶ ᠪᠣᠯᠭᠠᠪᠠ᠃ ᠠᠳᠡ᠂ ᠵᠢᠭᠤᠯᠴᠢᠳ ᠳᠡᠯᠡᠬᠡᠢ ᠶᠢᠨ ᠲᠡᠷᠢᠭᠦᠨ ᠤ ᠰᠦ ᠶᠢᠨ ᠦᠢᠯᠡᠰ ᠤᠨ ᠦᠢᠯᠡᠳᠪᠦᠷᠢᠯᠡᠯ ᠤᠨ ᠵᠠᠭᠪᠤᠷ᠂ ︽ᠨᠢᠭᠡ ᠰᠢᠷᠬᠡᠭ ᠡᠪᠡᠰᠦ︾ ᠠᠴᠠ ︽ᠨᠢᠭᠡ ᠴᠣᠮᠣ ᠰᠦ︾ ᠬᠦᠷᠲᠡᠯᠡᠬᠢ ᠰᠦ ᠶᠢᠨ ᠦᠢᠯᠡᠰ ᠤᠨ ᠦᠢᠯᠡᠳᠪᠦᠷᠢᠯᠡᠯ ᠤᠨ ᠣᠶᠣᠨᠴᠢᠯᠠᠭᠰᠠᠨ᠂ ᠰᠢᠨᠵᠢᠯᠡᠬᠦ ᠤᠬᠠᠭᠠᠨ ᠮᠡᠷᠭᠡᠵᠢᠯ ᠭᠦᠢᠴᠡᠳ ᠮᠡᠳᠡᠷᠡᠭᠳᠡᠭᠰᠡᠨ ᠪᠦᠬᠦ ᠶᠠᠪᠤᠴᠠ ᠶᠢ ᠣᠯᠵᠤ ᠬᠠᠷᠠᠨ᠎ᠠ᠃ ᠡᠯ᠎ᠡ ᠵᠦᠢᠯ ᠤᠨ AI᠂ BIM᠂ VR᠂ XR᠂ 3D ᠵᠡᠷᠭᠡ ᠦᠢᠯᠡᠳᠦᠯᠴᠡᠬᠦ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠵᠢᠭᠤᠯᠴᠢᠳ ᠰᠣᠶᠣᠯ ᠤᠨ ᠣᠶᠢᠯᠠᠭᠠᠯᠲᠠ᠂ ᠬᠦᠷᠦᠯᠴᠡᠬᠦᠢ ᠦᠢᠯᠡᠳᠦᠯᠴᠡᠯ᠂ ᠲᠠᠪᠤᠨ ᠮᠡᠳᠡᠷᠡᠮᠵᠢ᠂ ᠣᠯᠠᠨ ᠡᠰᠢᠲᠦ ᠡᠭᠦᠳᠦᠯᠲᠡ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠰᠤᠳᠤᠯᠵᠤ ᠰᠤᠷᠤᠯᠴᠠᠬᠤ ᠶᠢ ᠨᠢᠭᠡ ᠴᠣᠭᠴᠠᠵᠢᠭᠤᠯᠤᠭᠰᠠᠨ ᠭᠦᠨᠵᠡᠭᠡᠢ ᠣᠶᠢᠯᠠᠭᠠᠯᠲᠠ ᠲᠠᠢ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ