ᠥᠨᠥᠳᠥᠷ ᠠᠴᠠ ᠡᠬᠢᠯᠡᠨ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠰᠥᠨᠢ ᠶᠢᠨ ᠨᠡᠶᠢᠲᠡ ᠶᠢᠨ ᠮᠠᠰᠢᠨ ᠲᠡᠷᠭᠡᠨ ᠤ ᠠᠵᠢᠯᠯᠠᠭᠠᠨ ᠤ ᠴᠠᠭ ᠢ ᠰᠢᠯᠢᠳᠡᠭᠵᠢᠭᠦᠯᠵᠦ ᠬᠤᠷᠳᠤᠨ ᠤ ᠲᠡᠮᠦᠷ ᠵᠠᠮ ᠨᠡᠶᠢᠲᠡ ᠶᠢᠨ ᠮᠠᠰᠢᠨ ᠲᠡᠷᠭᠡ ᠶᠢ ︽ᠵᠠᠪᠰᠠᠷ ᠦᠭᠡᠢ ᠵᠠᠯᠭᠠᠯᠳᠤᠭᠤᠯᠤᠨ᠎ᠠ︾ 
ᠨᠡᠶᠢᠲᠡᠯᠡᠭᠰᠡᠨ ᠴᠠᠭ᠄
2023/11/15
      ︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠬᠤᠲᠠ  ᠶᠢᠨ ᠨᠡᠶᠢᠲᠡ  ᠶᠢᠨ ᠮᠠᠰᠢᠨ ᠲᠡᠷᠭᠡᠨ ᠤ ᠺᠣᠮᠫᠠᠨᠢ ᠠᠴᠠ ᠣᠶᠢᠯᠠᠭᠠᠭᠰᠠᠨ ᠢᠶᠠᠷ᠂ ᠰᠥᠨᠢ ᠪᠠᠷ ᠬᠦᠷᠴᠦ ᠢᠷᠡᠬᠦ ᠭᠠᠯᠲᠤ ᠲᠡᠷᠭᠡ ᠪᠠ ᠨᠡᠶᠢᠲᠡ  ᠶᠢᠨ ᠵᠠᠮ ᠬᠠᠷᠢᠯᠴᠠᠭ᠎ᠠ  ᠶᠢᠨ ︽ᠵᠠᠪᠰᠠᠷ ᠦᠭᠡᠢ ᠵᠠᠯᠭᠠᠯᠳᠤᠬᠤ︾ ᠳᠤ ᠳᠥᠭᠦᠮ ᠦᠵᠡᠭᠦᠯᠬᠦ ᠶᠢᠨ ᠲᠤᠰᠠᠳᠠ᠂ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠰᠥᠨᠢ ᠶᠢᠨ ᠨᠡᠶᠢᠲᠡ  ᠶᠢᠨ ᠮᠠᠰᠢᠨ ᠲᠡᠷᠭᠡᠨ ᠤ ᠠᠶᠠᠯᠠᠯ ᠤᠨ  ᠴᠠᠭ  ᠢ ᠢᠳᠡᠪᠬᠢᠲᠡᠢ ᠰᠢᠯᠢᠳᠡᠭᠵᠢᠭᠦᠯᠵᠦ᠂ 11 ᠳ᠋ᠤᠭᠡᠷ ᠰᠠᠷ᠎ᠠ ᠶᠢᠨ 15 ᠤ ᠡᠳᠦᠷ ᠠᠴᠠ ᠡᠬᠢᠯᠡᠨ ᠬᠥᠬᠡᠬᠤᠲᠠ ᠶᠢᠨ  ᠭᠠᠯᠲᠤ ᠲᠡᠷᠭᠡᠨ ᠤ ᠵᠡᠭᠦᠨ ᠥᠷᠲᠡᠭᠡ᠂ ᠬᠥᠬᠡᠬᠤᠲᠠ ᠥᠷᠲᠡᠭᠡ  ᠶᠢᠨ ᠣᠷᠣᠢ  ᠶᠢᠨ  ᠬᠤᠷᠳᠤᠨ ᠤ ᠭᠠᠯᠲᠤ  ᠲᠡᠷᠭᠡ ᠶᠢᠨ ᠤ ᠥᠷᠲᠡᠭᠡᠨ ᠳᠤ ᠬᠦᠷᠬᠦ ᠴᠠᠭ  ᠢ ᠦᠨᠳᠦᠰᠦᠯᠡᠨ᠂ 4 ᠳ᠋ᠤᠭᠡᠷ ᠱᠤᠭᠤᠮ᠂ 7 ᠳ᠋ᠤᠭᠠᠷ ᠱᠤᠭᠤᠮ᠂ 2 ᠳ᠋ᠤᠭᠠᠷ ᠱᠤᠭᠤᠮ ᠤᠨ ᠰᠥᠨᠢ  ᠶᠢᠨ ᠨᠡᠶᠢᠲᠡ  ᠶᠢᠨ ᠮᠠᠰᠢᠨ ᠲᠡᠷᠭᠡᠨ ᠤ  ᠠᠵᠢᠯᠯᠠᠭᠠᠨ ᠤ ᠴᠠᠭ ᠢ ᠰᠢᠯᠢᠳᠡᠭᠵᠢᠭᠦᠯᠪᠡ᠃      ᠰᠥᠨᠢ ᠶᠢᠨ ᠨᠡᠶᠢᠲᠡ ᠶᠢᠨ ᠮᠠᠰᠢᠨ ᠲᠡᠷᠭᠡᠨ ᠤ 4 ᠳ᠋ᠤᠭᠡᠷ ᠱᠤᠭᠤᠮ ᠤᠨ ᠲᠠᠩ ᠴᠢᠭᠯᠡᠯ ᠤᠨ ᠲᠡᠷᠭᠡ ᠬᠥᠬᠡᠬᠤᠲᠠ ᠶᠢᠨ ᠭᠠᠯᠲᠤ ᠲᠡᠷᠭᠡᠨ ᠤ ᠵᠡᠭᠦᠨ ᠥᠷᠲᠡᠭᠡᠨ ᠤ ᠬᠤᠶᠢᠲᠤ ᠲᠠᠯᠠᠪᠠᠶ ᠠᠴᠠ ᠲᠡᠷᠭᠡ ᠬᠥᠳᠡᠯᠦᠨ᠎ᠡ︔ ᠰᠥᠨᠢ ᠶᠢᠨ ᠨᠡᠶᠢᠲᠡ ᠶᠢᠨ ᠮᠠᠰᠢᠨ ᠲᠡᠷᠭᠡᠨ ᠤ 7 ᠳ᠋ᠤᠭᠠᠷ ᠱᠤᠭᠤᠮ ᠤᠨ ᠲᠠᠩ ᠴᠢᠭᠯᠡᠯ ᠤᠨ ᠲᠡᠷᠭᠡ ᠬᠥᠬᠡᠬᠤᠲᠠ ᠶᠢᠨ ᠵᠡᠭᠦᠨ ᠥᠷᠲᠡᠭᠡ ᠶᠢᠨ ᠭᠠᠵᠠᠷ ᠳᠣᠣᠷᠠᠬᠢ ᠬᠦᠢᠰᠦ ᠥᠷᠲᠡᠭᠡ ᠠᠴᠠ ᠲᠡᠷᠭᠡ ᠬᠥᠳᠡᠯᠦᠨ᠎ᠡ᠂  ᠠᠶᠠᠯᠠᠬᠤ ᠴᠠᠭ ᠨᠢ ᠡᠳᠦᠷ ᠪᠦᠷᠢ ᠶᠢᠨ 20 ᠴᠠᠭ 20 ᠮᠢᠨᠦ᠋ᠲ ᠠᠴᠠ 23 ᠴᠠᠭ 40 ᠮᠢᠨᠦ᠋ᠲ ᠪᠣᠯᠲᠠᠯ᠎ᠠ᠂ ᠲᠣᠰ ᠲᠣᠰ 6 ᠡᠭᠡᠯᠵᠢ ᠲᠣᠬᠢᠷᠠᠭᠤᠯᠤᠨ᠎ᠠ︔ ᠰᠥᠨᠢ ᠶᠢᠨ ᠨᠡᠶᠢᠲᠡ ᠶᠢᠨ ᠮᠠᠰᠢᠨ ᠲᠡᠷᠭᠡᠨ ᠤ 2 ᠳ᠋ᠤᠭᠠᠷ ᠱᠤᠭᠤᠮ ᠤᠨ ᠲᠠᠩ ᠴᠢᠭᠯᠡᠯ ᠤᠨ ᠲᠡᠷᠭᠡ ᠬᠥᠬᠡᠬᠤᠲᠠ ᠥᠷᠲᠡᠭᠡ ᠠᠴᠠ ᠲᠡᠷᠭᠡ ᠬᠥᠳᠡᠯᠦᠨ᠎ᠡ᠂ ᠠᠵᠢᠯᠯᠠᠬᠤ ᠴᠠᠭ ᠨᠢ ᠡᠳᠦᠷ ᠪᠦᠷᠢ ᠶᠢᠨ 20 ᠴᠠᠭ 35 ᠮᠢᠨᠦ᠋ᠲ ᠠᠴᠠ 23 ᠴᠠᠭ 26 ᠮᠢᠨᠦ᠋ᠲ ᠪᠣᠯᠲᠠᠯ᠎ᠠ᠂ 4 ᠡᠭᠡᠯᠵᠢ ᠲᠣᠬᠢᠷᠠᠭᠤᠯᠤᠨ᠎ᠠ᠃       ᠰᠥᠨᠢ ᠶᠢᠨ ᠨᠡᠶᠢᠲᠡ ᠶᠢᠨ ᠮᠠᠰᠢᠨ ᠲᠡᠷᠭᠡᠨ ᠤ 4 ᠳ᠋ᠤᠭᠡᠷ ᠱᠤᠭᠤᠮ ᠨᠢ ᠬᠥᠬᠡᠬᠤᠲᠠ ᠶᠢᠨ ᠭᠠᠯᠲᠤ ᠲᠡᠷᠭᠡᠨ ᠤ  ᠵᠡᠭᠦᠨ ᠥᠷᠲᠡᠭᠡ ᠠᠴᠠ ᠲᠡᠷᠭᠡ ᠬᠥᠳᠡᠯᠦᠨ᠎ᠡ᠂ ᠡᠴᠦᠰ ᠤᠨ ᠥᠷᠲᠡᠭᠡ ᠨᠢ ᠨᠡᠶᠢᠲᠡ ᠶᠢᠨ ᠮᠠᠰᠢᠨ ᠲᠡᠷᠭᠡᠨ ᠤ ᠵᠢᠷᠭᠤᠳᠤᠭᠠᠷ ᠺᠣᠮᠫᠠᠨᠢ᠂ ᠲᠡᠷᠭᠡᠨ ᠥᠷᠲᠡᠭᠡᠨ ᠤ ᠬᠤᠶᠢᠲᠤ ᠵᠡᠭᠡᠯᠢ᠂ ᠸᠠᠨ ᠲᠦᠩ ᠵᠠᠮ᠂ ᠬᠠᠶᠢᠯᠠᠷ ᠵᠡᠭᠦᠨ ᠵᠡᠭᠡᠯᠢ᠂ ᠲᠣᠷᠭᠠᠨ ᠵᠠᠮ ᠤᠨ ᠶᠡᠭᠡ ᠵᠠᠮ᠂ ᠰᠢᠨᠬᠤᠸᠠ ᠶᠡᠭᠡ ᠵᠡᠭᠡᠯᠢ᠂ ᠶᠢᠨ ᠢ ᠵᠠᠮ ᠢᠶᠠᠷ  ᠦᠩᠭᠡᠷᠡᠵᠦ᠂  ᠳᠠᠩ ᠴᠢᠭᠯᠡᠯ ᠤᠨ ᠠᠶᠠᠯᠠᠯ ᠤᠨ ᠵᠠᠮ ᠨᠢ 23.8 ᠺᠢᠯᠣᠮᠧᠲᠷ︔ ᠰᠥᠨᠢ ᠶᠢᠨ ᠨᠡᠶᠢᠲᠡ ᠶᠢᠨ ᠮᠠᠰᠢᠨ ᠲᠡᠷᠭᠡᠨ ᠤ 7 ᠳ᠋ᠤᠭᠠᠷ ᠱᠤᠭᠤᠮ ᠬᠥᠬᠡᠬᠤᠲᠠ ᠶᠢᠨ ᠵᠡᠭᠦᠨ ᠥᠷᠲᠡᠭᠡ ᠠᠴᠠ ᠲᠡᠷᠭᠡ ᠬᠥᠳᠡᠯᠦᠨ᠎ᠡ᠂ ᠡᠴᠦᠰ ᠤᠨ ᠥᠷᠲᠡᠭᠡ ᠨᠢ ᠬᠥᠬᠡᠬᠤᠲᠠ ᠥᠷᠲᠡᠭᠡ ᠪᠣᠯᠣᠨ᠎ᠠ᠂ ᠲᠡᠷᠭᠡᠨ ᠥᠷᠲᠡᠭᠡᠨ ᠤ ᠡᠮᠦᠨ᠎ᠡ ᠵᠡᠭᠡᠯᠢ᠂ ᠸᠠᠨ ᠲᠦᠩ ᠵᠠᠮ᠂ ᠪᠧᠢ ᠶᠤᠸᠠᠨ ᠵᠡᠭᠦᠨ ᠵᠡᠭᠡᠯᠢ᠂ ᠲᠧᠩ ᠹᠧᠢ ᠬᠤᠶᠢᠲᠤ ᠵᠠᠮ᠂ ᠰᠢᠨᠬᠤᠸᠠ ᠶᠡᠭᠡ ᠵᠡᠭᠡᠯᠢ᠂ ᠵᠥᠩ ᠱᠠᠨ ᠵᠡᠭᠦᠨ ᠵᠠᠮ᠂ ᠰᠢᠯᠢᠨ ᠬᠤᠶᠢᠲᠤ ᠵᠠᠮ ᠢᠶᠠᠷ ᠦᠩᠭᠡᠷᠡᠵᠦ᠂ ᠲᠠᠩ ᠴᠢᠭᠯᠡᠯ ᠤᠨ ᠠᠶᠠᠯᠠᠯ ᠤᠨ ᠵᠠᠮ ᠨᠢ 12.3 ᠺᠢᠯᠣᠮᠧᠲᠷ︔ ᠰᠥᠨᠢ ᠶᠢᠨ ᠨᠡᠶᠢᠲᠡ ᠶᠢᠨ ᠮᠠᠰᠢᠨ ᠲᠡᠷᠭᠡᠨ ᠤ 2 ᠳ᠋ᠤᠭᠠᠷ ᠱᠤᠭᠤᠮ ᠬᠥᠬᠡᠬᠤᠲᠠ ᠥᠷᠲᠡᠭᠡ ᠠᠴᠠ ᠲᠡᠷᠭᠡ ᠬᠥᠳᠡᠯᠦᠨ᠎ᠡ᠂ ᠡᠴᠦᠰ ᠤᠨ ᠥᠷᠲᠡᠭᠡ ᠨᠢ ᠨᠡᠶᠢᠲᠡ ᠶᠢᠨ ᠮᠠᠰᠢᠨ ᠲᠡᠷᠭᠡᠨ ᠤ ᠳᠥᠷᠪᠡᠳᠦᠭᠡᠷ ᠺᠣᠮᠫᠠᠨᠢ᠂  ᠰᠢᠯᠢᠨ ᠬᠤᠶᠢᠲᠤ ᠵᠠᠮ᠂  ᠰᠢᠯᠢᠨ ᠡᠮᠦᠨ᠎ᠡ ᠵᠠᠮ᠂ ᠤᠰᠤᠨ ᠳᠡᠭᠡᠷᠡᠬᠢ ᠴᠡᠴᠡᠷᠯᠢᠭ ᠤᠨ ᠬᠤᠶᠢᠲᠤ ᠵᠡᠭᠡᠯᠢ ᠪᠠᠷ ᠥᠩᠭᠡᠷᠡᠵᠦ᠂ ᠲᠠᠩ ᠴᠢᠭᠯᠡᠯ ᠤᠨ ᠠᠶᠠᠯᠠᠯ ᠤᠨ ᠵᠠᠮ ᠨᠢ 6.1 ᠺᠢᠯᠣᠮᠧᠲᠷ ᠃       ᠲᠠᠷᠠᠭᠠᠴᠢ ᠶᠢᠨ ᠠᠯᠬᠤᠮ ᠳᠤ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠲᠠᠢ ᠨᠢᠭᠲᠠ ᠨᠡᠪᠲᠡᠷᠡᠯᠴᠡᠵᠦ᠂ ᠠᠶᠠᠨᠴᠢᠳ ᠤᠨ ᠤᠷᠤᠰᠬᠠᠯ ᠤᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂  ᠶᠠᠪᠤᠵᠤ ᠰᠠᠭᠤᠬᠤ ᠣᠷᠭᠢᠯ ᠦᠶ᠎ᠡ ᠶᠢᠨ ᠠᠶᠠᠨᠴᠢᠳ ᠤᠨ ᠴᠤᠪᠤᠭ᠎ᠠ ᠲᠡᠷᠭᠡᠨ ᠤ ᠠᠶᠠᠯᠠᠯ ᠤᠨ ᠪᠠᠶᠢᠳᠠᠯ ᠳᠤ ᠴᠢᠭᠯᠡᠭᠦᠯᠦᠨ᠂ ᠵᠠᠪᠰᠠᠷ ᠦᠭᠡᠢ ᠲᠡᠷᠭᠡ ᠰᠣᠯᠢᠬᠤ ᠲᠥᠰᠥᠯ ᠢ ᠴᠠᠭ ᠲᠤᠬᠠᠢ  ᠳᠤᠨᠢ ᠰᠢᠯᠢᠳᠡᠭᠵᠢᠭᠦᠯᠵᠦ᠂ ᠲᠡᠭᠡᠭᠡᠪᠦᠷᠢᠯᠡᠬᠦ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠠᠶᠠᠨᠴᠢᠳ ᠲᠤ ᠠᠮᠤᠷ ᠲᠦᠪᠰᠢᠨ ᠪᠥᠭᠡᠳ ᠳᠥᠭᠦᠮ ᠳᠥᠲᠡ ᠠᠶᠠᠯᠠᠯ ᠤᠨ ᠦᠢᠯᠡᠴᠢᠯᠡᠭᠡ ᠬᠠᠩᠭᠠᠨ᠎ᠠ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ