ᠬᠤᠪᠢᠰᠬᠠᠯ ᠤᠨ ᠬᠥᠮᠦᠵᠢᠯ ᠴᠠᠭ ᠦᠶ᠎ᠡ ᠶᠢᠨ ᠬᠦᠴᠦᠷᠬᠡᠭ ᠳᠠᠭᠤᠨ ᠢ ᠦᠷᠭᠦᠯᠵᠢᠯᠡᠨ ᠪᠢᠴᠢᠭᠯᠡᠨ᠎ᠡ
ᠨᠡᠶᠢᠲᠡᠯᠡᠭᠰᠡᠨ ᠴᠠᠭ᠄
2023/11/15
      ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠡᠷᠭᠢᠯᠡᠭᠴᠢ ᠰᠦᠨ ᠵᠢᠶᠧ᠄ ︽ᠰᠢᠨ᠎ᠡ ᠴᠠᠭ ᠦᠶ᠎ᠡ ᠳᠤ ᠬᠤᠪᠢᠰᠬᠠᠯ ᠤᠨ ᠬᠥᠮᠦᠵᠢᠯ ᠤᠨ ᠰᠠᠭᠤᠷᠢᠨ ᠤ ᠬᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠭᠡᠪᠡᠯ ᠡᠷᠬᠡᠪᠰᠢ ᠵᠥᠪ ᠣᠨᠣᠪᠴᠢᠲᠠᠢ ᠰᠤᠷᠭᠠᠭᠤᠯᠢ ᠡᠷᠭᠢᠯᠡᠭᠦ ᠴᠢᠭᠯᠡᠯ ᠢ ᠪᠠᠷᠢᠮᠲᠠᠯᠠᠵᠤ᠂ ᠺᠠᠳ᠋ᠷ ᠤᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠠᠭᠤᠷᠢᠨ ᠪᠤᠯᠭᠠᠬᠤ ᠬᠡᠷᠡᠭᠲᠡᠢ︾ ᠭᠡᠵᠦ ᠬᠡᠯᠡᠪᠡ᠃      ᠶᠠᠭ ᠡᠶᠢᠮᠦᠷᠬᠦᠦ ᠣᠶᠢᠯᠠᠭᠠᠭᠳᠠᠬᠤᠨ ᠳᠤ ᠰᠠᠭᠤᠷᠢᠯᠠᠨ ᠪᠦᠭᠦ ᠣᠷᠣᠨ ᠤ ᠡᠯ᠎ᠡ ᠭᠠᠵᠠᠷ ᠲᠤ︽ᠬᠤᠪᠢᠰᠬᠠᠯ + ᠪᠣᠬᠢᠷᠳᠤᠯ ᠦᠭᠡᠢ︾᠂ ︽ᠬᠤᠪᠢᠰᠬᠠᠯ + ᠬᠥᠳᠡᠭᠡ ᠲᠣᠰᠬᠤᠨ︾᠂︽ᠬᠤᠪᠢᠰᠬᠠᠯ + ᠰᠤᠳᠤᠯᠤᠨ ᠰᠤᠷᠤᠯᠴᠠᠬᠤ︾᠂ ︽ᠬᠤᠪᠢᠰᠬᠠᠯ + ᠰᠢᠨᠵᠢᠯᠡᠬᠦ ᠤᠬᠠᠭᠠᠨ ᠲᠸᠭᠨᠢᠭ ᠮᠡᠷᠭᠡᠵᠢᠯ︾ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠲᠠᠰᠤᠷᠠᠯᠲᠠ ᠦᠭᠡᠢ ᠢᠯᠡᠷᠡᠵᠦ᠂ ᠵᠢᠭᠤᠯᠴᠢᠯᠠᠬᠰᠡᠳ ᠪᠢᠰᠢᠷᠡᠨ ᠬᠦᠨᠳᠦᠳᠬᠡᠨ ᠢᠷᠡᠵᠦ᠂ ᠣᠯᠣᠯᠲᠠ ᠶᠡᠬᠡᠲᠡᠢ ᠪᠤᠴᠠᠵᠠᠭᠠᠳᠠᠭ᠃      ᠣᠷᠣᠨ ᠤ ᠲᠥᠪ ᠢᠶᠠᠷ ᠵᠢᠱᠢᠶᠡᠯᠡᠪᠡᠯ᠂ ᠣᠶᠢᠷ᠎ᠠ ᠶᠢᠨ ᠵᠢᠯ ᠳᠤ ᠭᠦᠭᠡᠬᠤᠲᠠ ᠬᠤᠪᠢᠰᠬᠠᠯ ᠤᠨ ᠳᠤᠷᠠᠰᠬᠠᠯᠲᠤ ᠵᠦᠢᠯ ᠤᠨ ᠲᠠᠯᠠᠪᠤᠷ ᠲᠤ ᠲᠦᠰᠢᠭᠯᠡᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠢ ᠨᠡᠶᠢᠳᠡ 31 ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠢ 19 ᠪᠠᠶᠢᠭᠤᠯᠪᠠ;︽ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠲᠡᠦᠬᠡ︾ ᠵᠡᠷᠭᠡ ᠭᠤᠣᠯ ᠰᠡᠳᠦᠪᠲᠦ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠦᠵᠡᠭᠦᠯᠭᠡ ᠶᠢ 26 ᠵᠣᠬᠢᠶᠠᠨ ᠪᠠᠶᠢᠭᠤᠯᠵᠤ᠂ ᠲᠣᠭᠤᠷᠢᠨ ᠦᠵᠡᠭᠰᠡᠨ ᠵᠢᠭᠤᠯᠴᠢᠯᠠᠬᠰᠠᠳ 53 ᠲᠦᠮᠡᠨ ᠬᠥᠮᠥᠨ ᠤᠳᠠᠭ᠎ᠠ ᠳᠤ ᠬᠦᠷᠴᠡᠢ᠃      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠴᠠᠳᠢᠭ ᠢ ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠦᠴᠦᠯᠡᠨ ᠬᠥᠮᠥᠵᠢᠭᠦᠯᠬᠦ ᠬᠡᠷᠡᠭᠲᠡᠢ ᠭᠡᠵᠦ ᠳᠤᠷᠠᠳᠴᠠᠢ᠃      ᠠᠯᠲᠠᠨ ᠨᠠᠮᠤᠷ ᠤᠨ ᠠᠷᠪᠠᠨ ᠰᠠᠷ᠎ᠠ ᠳᠤ᠂ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠣᠯᠣᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠢᠩᠬᠢᠮ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ·ᠲᠠᠯ᠎ᠠ ᠨᠤᠲᠤᠭ ᠤᠨ ᠬᠤᠪᠢᠰᠬᠠᠯᠲᠤ ᠬᠥᠪᠡᠭᠦᠳ ᠤᠨ ᠬᠤᠪᠢᠰᠬᠠᠯ ᠤᠨ ᠰᠤᠳᠤᠯᠤᠨ ᠰᠤᠷᠤᠯᠴᠠᠬᠤ ᠵᠠᠮ ᠱᠤᠭᠤᠮ︾᠂ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ·ᠬᠤᠪᠢᠰᠬᠠᠯᠲᠤ ᠲᠡᠶᠢᠨ ᠤ ᠬᠤᠪᠢᠰᠬᠠᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ ᠱᠤᠭᠤᠮ︾᠂ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ·ᠪᠣᠭᠤᠮᠲᠠ ᠶᠢᠨ ᠭᠠᠳᠠᠨᠠᠬᠢ ᠶᠠᠫᠤᠨ ᠢ ᠡᠰᠡᠷᠭᠦᠴᠡᠬᠦ ᠲᠡᠶᠢᠨ ᠤ ᠬᠤᠪᠢᠰᠬᠠᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ ᠱᠤᠭᠤᠮ︾ ᠵᠡᠷᠭᠡ 10 ᠵᠤᠷᠪᠤᠰ ᠬᠤᠪᠢᠰᠬᠠᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ ᠵᠠᠮ ᠱᠤᠭᠤᠮ ᠭᠠᠷᠭᠠᠪᠠ᠃ ᠡᠭᠦᠨ ᠳᠤ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ·ᠲᠠᠯ᠎ᠠ ᠨᠤᠲᠤᠭ ᠤᠨ ᠬᠤᠪᠢᠰᠬᠠᠯ ᠤᠨ ᠬᠥᠪᠡᠭᠦᠳ ᠤᠨ ᠬᠤᠪᠢᠰᠬᠠᠯ ᠤᠨ ᠰᠤᠳᠤᠯᠤᠨ ᠰᠤᠷᠤᠯᠴᠠᠬᠤ ᠵᠠᠮ ᠱᠤᠭᠤᠮ︾ ᠨᠢ ᠤᠯᠠᠭᠠᠨᠬᠦᠦ ᠪᠠᠷ ᠲᠥᠯᠥᠭᠡᠯᠡᠭᠦᠯᠦᠭᠰᠡᠨ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠦᠨᠡᠨ ᠶᠣᠰᠣ ᠶᠢ ᠡᠷᠢᠯᠬᠢᠯᠡᠵᠦ᠂ ᠬᠤᠪᠢᠰᠬᠠᠯ ᠳᠤ ᠣᠷᠣᠯᠴᠠᠬᠰᠠᠨ ᠨᠢᠭᠡ ᠨᠠᠰᠤᠨ ᠤ ᠦᠢᠯᠡ ᠠᠵᠢᠯᠯᠠᠭ᠎ᠠ ᠶᠢ ᠣᠶᠢᠯᠠᠭᠠᠵᠤ ᠪᠤᠯᠤᠨ᠎ᠠ; ᠪᠠᠰᠠ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠤᠨ ᠦᠵᠡᠭᠦᠯᠭᠡ ᠶᠢᠨ ᠣᠷᠳᠣᠨ ᠪᠣᠯᠣᠨ ᠳᠠᠯᠠᠨ ᠬᠠᠷ᠎ᠠ ᠠᠭᠤᠯᠠ ᠶᠢᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠲᠣᠭᠤᠷᠢᠨ ᠦᠵᠡᠵᠦ᠂ ᠶᠠᠫᠤᠨ ᠢ ᠡᠰᠡᠷᠭᠦᠴᠡᠬᠦ ᠳᠠᠶᠢᠨ ᠤ ᠦᠶ᠎ᠡ ᠶᠢᠨ ᠳᠠᠯᠠᠨ ᠬᠠᠷ᠎ᠠ ᠠᠭᠤᠯᠠ ᠶᠢᠨ ᠣᠷᠣᠨ ᠤ ᠴᠡᠷᠢᠭ ᠠᠷᠠᠳ ᠤᠨ ᠪᠦᠯᠬᠦᠮᠳᠡᠨ ᠶᠠᠫᠤᠨ ᠢ ᠡᠰᠡᠷᠭᠦᠴᠡᠭᠰᠡᠨ ᠳᠠᠶᠢᠨ ᠢᠯᠠᠯᠲᠠ ᠣᠯᠣᠭᠰᠠᠨ ᠣᠨ ᠰᠠᠷ᠎ᠠ ᠶᠢ ᠡᠷᠭᠢᠴᠡᠭᠦᠯᠵᠦ ᠪᠣᠯᠣᠨ᠎ᠠ᠃      10 ᠵᠤᠷᠪᠤᠰ ᠵᠠᠮ ᠱᠤᠭᠤᠮ ᠨᠢ ᠪᠦᠭᠦ ᠣᠷᠣᠨ ᠳᠤ ᠲᠦᠭᠡᠵᠦ᠂ ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠬᠤᠪᠢᠰᠬᠠᠯ ᠤᠨ ᠭᠧᠨ ᠢ ᠵᠠᠯᠭᠠᠮᠵᠢᠯᠠᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠬᠤ ᠳᠤ ᠰᠢᠨ᠎ᠡ ᠦᠢᠯᠡᠳᠦᠯᠭᠡ ᠪᠤᠯᠬᠤ ᠨᠢ ᠯᠠᠪᠲᠠᠢ᠃      ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠪᠣᠯ ᠬᠤᠪᠢᠰᠬᠠᠯ ᠤᠨ ᠰᠣᠶᠣᠯ ᠤᠨ︽ᠭᠡᠷᠡᠴᠢᠯᠡᠭᠴᠢ︾ ᠮᠥᠨ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠰᠤᠷᠭᠠᠨ ᠬᠥᠮᠦᠵᠢᠯ ᠤᠨ ᠰᠢᠨ᠎ᠡ ᠠᠷᠭ᠎ᠠ ᠵᠠᠮ ᠢ ᠨᠡᠭᠡᠭᠡᠵᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠤᠨ︽ᠶᠠᠷᠢᠭᠰᠠᠨ︾ᠦᠯᠢᠭᠡᠷ ᠢ ᠰᠣᠨᠣᠰᠤᠨ᠎ᠠ᠃ ᠲᠡᠦᠬᠡ ᠶᠢᠨ ᠴᠤᠤᠷᠢᠶ᠎ᠠ ᠪᠣᠯᠣᠨ ᠰᠢᠨ᠎ᠡ ᠴᠠᠭ ᠦᠶ᠎ᠡ ᠬᠠᠮᠲᠤ ᠶᠢᠨ ᠴᠤᠤᠷᠢᠶ᠎ᠠ ᠡᠭᠦᠰᠬᠡᠵᠦ᠂ ᠬᠤᠪᠢᠰᠬᠠᠯ ᠤᠨ ᠵᠣᠷᠢᠭ ᠰᠠᠨᠠᠭ᠎ᠠ ᠯᠠᠪᠲᠠᠢ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ