ᠠᠷᠪᠠᠨ ᠰᠠᠷ᠎ᠠ ᠶᠢᠨ ᠲᠦᠮᠡᠳ ᠤᠨ ᠲᠠᠯ᠎ᠠ ᠨᠠᠮᠤᠷ ᠤᠨ ᠰᠠᠯᠬᠢᠨ ᠤ ᠢᠯᠪᠢᠯᠲᠡ ᠳᠣᠣᠷ᠎ᠠ ᠥᠩᠭᠡ ᠢᠯᠭᠠᠷᠠᠮ᠎ᠠ ᠬᠤᠪᠴᠠᠰᠤ ᠪᠠᠨ ᠰᠣᠯᠢᠵᠤ᠂ ᠬᠥᠬᠡ | ᠣᠭᠲᠠᠷᠭᠤᠢ ᠬᠥᠪᠥᠩ ᠴᠠᠭᠠᠨ ᠡᠭᠦᠯᠡᠨ ᠳᠣᠣᠷ᠎ᠠ ᠦᠷᠡᠭᠳᠡᠭᠰᠡᠨ ᠪᠠᠭᠠᠲᠤᠷ ᠷᠦᠩ ᠶᠣᠣ ᠰᠢᠶᠠᠨ ᠤ ᠬᠠᠭᠤᠴᠢᠨ ᠰᠠᠭᠤᠴᠠ ᠶᠢᠨ ᠡᠭᠦᠳᠡᠨ ᠳᠤ︽ᠤᠯᠤᠰ ᠢᠶᠠᠨ | ᠬᠠᠮᠠᠭᠠᠯᠠᠵᠤ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠭᠴᠢ︾ ᠭᠡᠬᠦ ᠲᠣᠮᠣ ᠦᠰᠦᠭ ᠭᠢᠯᠠᠯᠵᠠᠨ᠎ᠠ᠃ | ᠲᠦᠮᠡᠳ ᠵᠡᠭᠦᠨ ᠬᠤᠰᠢᠭᠤᠨ ᠤ ᠤᠬᠠᠭᠤᠯᠬᠤ ᠬᠡᠯᠲᠡᠰ ᠤᠨ ᠠᠵᠢᠯᠲᠠᠨ᠂ ᠡᠨᠡ ᠵᠢᠯ ᠪᠣᠯ ᠦᠷᠡᠭᠳᠡᠭᠰᠡᠨ ᠪᠠᠭᠠᠲᠤᠷ ᠷᠦᠩ ᠶᠣᠣ ᠰᠢᠶᠠᠨ ᠤ ᠨᠠᠮ ᠳᠤ | ᠣᠷᠣᠭᠰᠠᠨ 100 ᠵᠢᠯ ᠤᠨ ᠤᠢ ᠪᠣᠯᠣᠨ᠎ᠠ᠃ ᠴᠥᠭᠡᠨ ᠪᠤᠰᠤ ᠵᠠᠭᠤᠴᠢᠯᠠᠭᠤᠷ ᠤᠨ ᠬᠢᠨ ᠬᠠᠭᠤᠴᠢᠨ ᠰᠠᠭᠤᠴᠠ ᠪᠠᠷ ᠲᠣᠭᠤᠷᠢᠨ ᠦᠵᠡᠵᠦ᠂ ᠪᠠᠰᠠ ᠴᠥᠭᠡᠨ | ᠪᠤᠰᠤ ᠪᠠᠶᠢᠭᠤᠯᠭ᠎ᠠ ᠨᠢᠭᠡᠴᠢ ᠠᠳᠡ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠪᠠᠶᠢᠨ᠎ᠠ ᠭᠡᠪᠡ᠃ | ᠷᠦᠩ ᠶᠣᠣ ᠰᠢᠶᠠᠨ ᠤ ᠬᠠᠭᠤᠴᠢᠨ ᠰᠠᠭᠤᠴᠠ ᠨᠢ ᠶᠡᠭᠡ ᠪᠢᠰᠢ᠂ ᠭᠤᠷᠪᠠᠨ ᠪᠠᠭ᠎ᠠ ᠦᠵᠡᠭᠦᠯᠭᠡ ᠶᠢᠨ ᠲᠢᠩᠬᠢᠮ ᠳᠤ ᠲᠡᠭᠦᠨ ᠤ ᠶᠡᠷᠦ ᠪᠤᠰᠤ ᠶᠢᠨ ᠨᠢᠭᠡ | ᠨᠠᠰᠤᠨ ᠤ ᠠᠮᠢᠳᠤᠷᠠᠯ ᠢ ᠳᠡᠯᠭᠡᠨ ᠦᠵᠡᠭᠦᠯᠵᠦ᠂ ᠭᠡᠷᠡᠯ ᠵᠢᠷᠤᠭ ᠤᠳ ᠢᠶᠠᠷ ᠬᠥᠮᠥᠰ ᠢ ᠳᠠᠭᠠᠭᠤᠯᠤᠨ ᠭᠠᠶᠢᠬᠠᠮᠰᠢᠭᠲᠤ ᠣᠨ ᠰᠠᠷ᠎ᠠ ᠶᠢ ᠲᠠᠭᠢᠨ ᠰᠣᠨᠢᠷᠬᠠᠭᠤᠯᠤᠨ᠎ᠠ᠃ | | ᠮᠣᠩᠭᠤᠯ ᠲᠥᠪᠡᠳ ᠤᠨ ᠰᠤᠷᠭᠠᠭᠤᠯᠢ 1913 ᠣᠨ ᠳᠤ ᠪᠠᠶᠢᠭᠤᠯᠤᠭᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ | ᠳᠠᠷᠠᠭ᠎ᠠ ᠮᠣᠩᠭᠤᠯ ᠲᠥᠪᠡᠳ ᠤᠨ ᠰᠤᠷᠭᠠᠭᠤᠯᠢ ᠨᠢ ᠨᠠᠮ ᠤᠨ ᠦᠨᠳᠦᠰᠦᠲᠡᠨ ᠤ ᠠᠵᠢᠯ ᠢ ᠥᠷᠨᠢᠭᠦᠯᠬᠦ ᠭᠤᠣᠯ ᠵᠢᠭᠰᠠᠭᠠᠯ ᠤᠨ ᠭᠠᠵᠠᠷ ᠪᠣᠯᠤᠭᠰᠠᠨ ᠪᠠᠶᠢᠨ᠎ᠠ᠃ | ᠷᠦᠩ ᠶᠣᠣ ᠰᠢᠶᠠᠨ ᠤ ᠬᠠᠭᠤᠴᠢᠨ ᠰᠠᠭᠤᠴᠠ ᠶᠢᠨ ᠲᠠᠶᠢᠯᠪᠤᠷᠢᠯᠠᠭᠴᠢ ᠼᠠᠢ ᠯᠦ᠄︽1923 ᠣᠨ ᠳᠤ ᠯᠢ ᠳ᠋ᠡ ᠵᠤᠤ ᠪᠡᠭᠡᠵᠢᠩ ᠤᠨ ᠮᠣᠩᠭᠤᠯ | ᠲᠥᠪᠡᠳ ᠤᠨ ᠰᠤᠷᠭᠠᠭᠤᠯᠢ ᠳᠤ ᠨᠠᠮ ᠡᠪᠯᠡᠯ ᠤᠨ ᠭᠡᠰᠢᠭᠦᠨ ᠡᠯᠰᠡᠵᠦ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠬᠡᠷᠡᠭᠲᠡᠢ ᠭᠡᠵᠦ | ᠵᠢᠭᠠᠪᠤᠷᠢᠯᠠᠪᠠ᠃ ᠲᠤᠰ ᠵᠢᠯ ᠤᠨ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠭᠡᠵᠢᠩ ᠤᠨ ᠲᠤᠰᠬᠠᠢ ᠣᠷᠣᠨ ᠤ ᠬᠤᠷᠢᠶᠠᠨ ᠤ ᠭᠡᠰᠢᠭᠦᠨ ᠬᠠᠨ | ᠯᠢᠨ ᠹᠦ᠋᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠷᠧ ᠾᠧ ᠴᠠᠬᠠᠷ ᠰᠦᠢᠶᠤᠸᠠᠨ ᠤ ᠣᠨᠴᠠᠭᠠᠢ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠯᠢ | ᠪᠦᠸᠧ ᠬᠠᠢ ᠶᠢᠨ ᠲᠠᠨᠢᠯᠴᠠᠭᠤᠯᠭ᠎ᠠ ᠪᠠᠷ ᠮᠣᠩᠭᠤᠯ ᠲᠥᠪᠡᠳ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠬᠡᠯᠲᠡᠰ ᠤᠨ ᠭᠦᠨ ᠤᠬᠠᠭᠠᠨ ᠤ ᠰᠠᠯᠪᠤᠷᠢ ᠶᠢᠨ | ᠮᠣᠩᠭᠤᠯ ᠰᠤᠷᠤᠬᠴᠢ ᠷᠦᠩ ᠶᠣᠣ ᠰᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠮᠣᠩᠭᠤᠯ ᠲᠥᠪᠡᠳ ᠤᠨ ᠰᠤᠷᠭᠠᠭᠤᠯᠢ ᠶᠢᠨ᠂ ᠮᠥᠨ ᠴᠤ | ᠮᠣᠩᠭᠤᠯ ᠦᠨᠳᠦᠰᠦᠲᠡᠨ ᠤ ᠠᠩᠬᠠᠳᠠᠭᠴᠢ ᠡᠪ ᠬᠠᠮᠲᠤ ᠨᠠᠮ ᠤᠨ ᠭᠡᠰᠢᠭᠦᠨ ᠪᠣᠯᠵᠠᠢ︾ᠭᠡᠵᠦ ᠲᠠᠨᠢᠯᠴᠠᠭᠤᠯᠪᠠ᠃ | 1923 ᠣᠨ ᠳᠤ ᠯᠢ ᠳ᠋ᠡ ᠵᠤᠤ ᠶᠢᠨ ᠣᠨᠴᠠᠭᠠᠢ ᠵᠢᠭᠠᠪᠤᠷᠢ ᠪᠠᠷ ᠡᠪ ᠬᠠᠮᠲᠤ ᠨᠠᠮ ᠤᠨ ᠭᠡᠰᠢᠭᠦᠨ ᠷᠦᠩ ᠶᠣᠣ ᠰᠢᠶᠠᠨ ᠵᠤᠨ ᠤ ᠠᠮᠠᠷᠠᠯᠲᠠ ᠶᠢ | ᠠᠰᠢᠭᠯᠠᠨ ᠨᠤᠲᠤᠭ ᠲᠠᠭᠠᠨ ᠪᠤᠴᠠᠵᠤ᠂ 40 ᠭᠠᠷᠤᠢ ᠮᠣᠩᠭᠤᠯ ᠵᠠᠯᠠᠭᠤᠴᠤᠳ ᠢ ᠲᠠᠶᠢᠴᠢᠯᠠᠨ ᠲᠦᠮᠡᠳ ᠤᠨ ᠲᠠᠯ᠎ᠠ ᠠᠴᠠ ᠰᠠᠯᠵᠤ᠂ ᠪᠡᠭᠡᠵᠢᠩ ᠤᠨ ᠮᠣᠩᠭᠤᠯ | ᠲᠥᠪᠡᠳ ᠰᠤᠷᠭᠠᠭᠤᠯᠢ ᠳᠤ ᠬᠦᠷᠴᠦ ᠰᠤᠷᠤᠯᠴᠠᠪᠠ᠃ | ᠬᠠᠭᠤᠴᠢᠨ ᠰᠠᠭᠤᠴᠠ ᠶᠢᠨ ᠬᠠᠨ᠎ᠠ ᠳᠡᠭᠡᠷ᠎ᠡ ᠷᠥᠩ ᠶᠣᠣ ᠰᠢᠶᠠᠨ ᠤ ᠡᠯᠰᠡᠭᠰᠡᠨ ᠮᠣᠩᠭᠤᠯ ᠲᠥᠪᠡᠳ ᠤᠨ ᠰᠤᠷᠭᠠᠭᠤᠯᠢ ᠶᠢᠨ ᠬᠡᠰᠡᠭ ᠰᠤᠷᠤᠬᠴᠢᠳ ᠤᠨ | ᠨᠡᠷᠡᠰ ᠤᠨ ᠵᠢᠭᠰᠠᠭᠠᠯᠲᠠ ᠪᠤᠢ᠃ ᠶᠦᠨ ᠽᠧ ︵ᠤᠯᠠᠭᠠᠨᠬᠦᠦ︶᠂ ᠺᠦᠢ ᠪᠢ᠂ ᠵᠠᠶᠠᠭᠠᠲᠠᠢ᠂ ᠳ᠋ᠥᠸᠧ ᠰᠦᠩ ᠨᠢᠶᠠᠨ᠂ ᠯᠢ ᠢᠦᠢ ᡁᠢ ᠁ ᠡᠳᠡᠭᠡᠷ ᠡᠬᠡ | ᠤᠯᠤᠰ ᠤᠨ ᠤᠮᠠᠷᠠᠲᠤ ᠬᠢᠯᠢ ᠠᠴᠠ ᠢᠷᠡᠭᠰᠡᠨ ᠴᠤᠬ ᠵᠣᠯᠪᠣᠭᠠᠲᠤ ᠵᠠᠯᠠᠭᠤᠴᠤᠳ ᠶᠠᠭ ᠯᠡ ᠣᠴᠢ ᠮᠡᠲᠦ ᠳᠦᠷᠡᠯᠵᠡᠨ ᠨᠣᠴᠣᠵᠤ᠂ ᠤᠮᠠᠷᠠᠲᠤ ᠶᠢᠨ ᠰᠥᠨᠢ ᠶᠢᠨ | ᠣᠭᠲᠠᠷᠭᠤᠢ ᠶᠢ ᠵᠦᠰᠦᠨ᠂ ᠲᠡᠦᠬᠡ ᠶᠢᠨ ᠰᠢᠨ᠎ᠡ ᠡᠷᠢᠨ ᠤ ᠲᠣᠮᠣ ᠬᠠᠭᠠᠯᠭ᠎ᠠ ᠶᠢ ᠨᠡᠭᠡᠭᠡᠵᠡᠢ᠃ | ᠲᠦᠮᠡᠳ ᠵᠡᠭᠦᠨ ᠬᠤᠰᠢᠭᠤ ᠶᠢ ᠥᠪᠥᠷ ᠮᠣᠩᠭᠤᠯ ᠤᠨ ᠬᠤᠪᠢᠰᠬᠠᠯ ᠤᠨ ᠭᠤᠯᠣᠮᠲᠠ ᠣᠷᠣᠨ᠂ ᠬᠤᠪᠢᠰᠬᠠᠯ ᠤᠨ ᠥᠯᠥᠭᠡᠢ ᠬᠡᠮᠡᠳᠡᠭ᠃ ᠠᠳᠡᠬᠢ | ᠬᠤᠪᠢᠰᠬᠠᠯ ᠤᠨ ᠦᠯᠢᠭᠡᠷ ᠢ ᠶᠠᠷᠢᠭᠠᠳ ᠪᠠᠷᠠᠰᠢ ᠦᠭᠡᠢ᠂ ᠬᠤᠪᠢᠰᠬᠠᠯ ᠤᠨ ᠳᠤᠷᠠᠰᠬᠠᠯᠲᠤ ᠵᠦᠢᠯ ᠢ ᠲᠣᠭᠠᠯᠠᠭᠠᠳ ᠪᠠᠷᠠᠰᠢ ᠦᠭᠡᠢ᠃ ᠬᠡᠷᠪᠡ ᠲᠡᠳᠡ ᠦᠭᠡ | ᠬᠡᠯᠡᠵᠦ ᠴᠢᠳᠠᠳᠠᠭ ᠪᠣᠯ ᠯᠠᠪᠲᠠᠢ ᠴᠢᠮ᠎ᠠ ᠳᠤ ᠶᠠᠮᠠᠷ ᠬᠦᠴᠢᠷ ᠪᠡᠷᠬᠡᠰᠢᠶᠡᠯ ᠲᠤᠯᠭᠠᠷᠠᠭᠰᠠᠨ ᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ | ᠪᠣᠯᠣᠨ ᠡᠭᠦᠷᠭᠡ ᠬᠠᠷᠢᠭᠤᠴᠠᠯᠭ᠎ᠠ ᠪᠣᠯ ᠳᠠᠷᠤᠢ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ | ᠪᠣᠯᠣᠨ᠎ᠠ ᠭᠡᠵᠦ ᠬᠡᠯᠡᠵᠦ ᠥᠭᠬᠦ ᠶᠤᠮ᠃ | ᠬᠤᠪᠢᠰᠬᠠᠯ ᠤᠨ ᠵᠢᠭᠤᠯᠴᠢᠯᠠᠯ ᠤᠨ ᠥᠷᠨᠢᠬᠦ ᠶᠢ ᠳᠠᠭᠠᠯᠳᠤᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠨᠢ ᠴᠦ ᠰᠢᠨ᠎ᠡ ︽ᠢᠯᠡᠳᠬᠡᠬᠦ︾ᠠᠷᠭ᠎ᠠ | ᠮᠠᠶ᠋ᠢᠭ ᠢ ᠡᠷᠢᠵᠦ ᠣᠯᠪᠠ᠃ | ᠲᠦᠮᠡᠳ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠥᠪ ᠤᠨ ᠡᠷᠭᠢᠯᠡᠭᠴᠢ ᠠᠯᠲᠠ᠄ ︽ᠲᠦᠮᠡᠳ ᠵᠡᠭᠦᠨ ᠬᠤᠰᠢᠭᠤᠨ ᠤ | ᠬᠤᠪᠢᠰᠬᠠᠯ ᠤᠨ ᠳᠤᠷᠠᠰᠬᠠᠯᠲᠤ ᠵᠦᠢᠯ ᠨᠡᠯᠢᠶᠡᠳ ᠤᠯᠠᠨ᠂ ᠲᠠᠩᠰᠠᠨ ᠳᠤ ᠲᠡᠮᠳᠡᠭᠯᠡᠭᠳᠡᠭᠰᠡᠨ ᠬᠤᠪᠢᠰᠬᠠᠯ ᠤᠨ ᠪᠠᠭᠤᠷᠢ 17 ᠪᠤᠢ᠂ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯ ᠨᠢᠭᠡᠪᠦᠷᠢ ᠨᠢ ᠴᠥᠮ ᠣᠨᠴᠠ ᠲᠣᠭᠲᠠᠭᠰᠠᠨ ᠲᠡᠦᠬᠡ ᠶᠢᠨ ᠠᠬᠤᠢ ᠪᠠᠶᠢᠳᠠᠯ ᠪᠣᠯᠣᠨ ᠡᠯᠪᠡᠭ ᠪᠠᠶᠠᠯᠢᠭ ᠬᠤᠪᠢᠰᠬᠠᠯ ᠤᠨ ᠳᠤᠷᠠᠳᠬᠠᠯ ᠲᠠᠢ᠂ | ᠲᠡᠳᠡ ᠪᠣᠯ ᠠᠮᠢᠵᠢᠷᠠᠯ ᠤᠨ ᠬᠦᠴᠦᠨ ᠲᠠᠢ ᠶᠤᠮ᠂ ᠪᠢᠳᠡ ᠡᠩ ᠲᠡᠷᠢᠭᠦᠨ ᠳᠤ ᠲᠡᠳᠡᠨ ᠢ ᠰᠠᠶᠢᠲᠤᠷ ᠬᠠᠮᠠᠭᠠᠯᠠᠵᠤ᠂ ᠲᠠᠷᠠᠭ᠎ᠠ ᠨᠢ ᠳᠡᠯᠭᠡᠨ ᠦᠵᠡᠭᠦᠯᠵᠦ᠂ ᠰᠠᠶᠢᠲᠤᠷ | ᠠᠰᠢᠭᠯᠠᠬᠤ ᠬᠡᠷᠡᠭᠲᠡᠢ︾ ᠭᠡᠪᠡ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠭᠦᠭᠡᠬᠤᠲᠠ 7000 ᠭᠠᠷᠤᠢ ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠭᠠᠷᠭᠠᠨ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠳᠤ ᠬᠡᠷᠡᠭᠯᠡᠵᠦ᠂ ᠤᠯᠠᠭᠠᠨᠬᠦᠦ ᠶᠢᠨ ᠬᠠᠭᠤᠴᠢᠨ ᠰᠠᠭᠤᠴᠠ ᠵᠡᠷᠭᠡ ᠰᠡᠯᠪᠢᠨ ᠵᠠᠰᠠᠬᠤ | ᠢᠨᠵᠧᠨᠧᠷᠢᠩ ᠢ ᠵᠠᠯᠭᠠᠭ᠎ᠠ ᠪᠠᠷ ᠪᠡᠶᠡᠯᠡᠭᠦᠯᠵᠦ᠂ ᠦᠷᠡᠭᠳᠡᠭᠰᠡᠨ ᠪᠠᠭᠠᠲᠤᠷ ᠵᠢᠷᠭᠠᠯ ᠤᠨ ᠬᠠᠭᠤᠴᠢᠨ ᠰᠠᠭᠤᠴᠠ᠂ ᠦᠷᠡᠭᠳᠡᠭᠰᠡᠨ ᠪᠠᠭᠠᠲᠤᠷ ᠳ᠋ᠥᠸᠧ ᠰᠦᠩ ᠨᠢᠶᠠᠨ ᠤ | ᠬᠠᠭᠤᠴᠢᠨ ᠰᠠᠭᠤᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 1 ᠳ᠋ᠦ᠋ᠭᠡᠷ ᠠᠯᠪᠠᠨ ᠠᠰᠠᠷ᠂ ᠰᠦᠢᠶᠤᠸᠠᠨ ᠤ ᠶᠠᠫᠤᠨ ᠢ | ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠵᠡᠷᠭᠡ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠨᠢᠭᠡᠴᠢ ᠶᠢ ᠰᠡᠯᠪᠢᠨ ᠵᠠᠰᠠᠵᠤ ᠪᠠᠬᠢᠯᠡᠨ᠂ 92 ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠥᠰᠢᠶ᠎ᠡ ᠪᠣᠰᠬᠠᠵᠠᠢ᠃ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠦᠢᠶᠤᠸᠠᠨ ᠤ ᠠᠵᠢᠯ ᠤᠨ ᠬᠤᠷᠢᠶ᠎ᠠ ᠶᠢᠨ ᠬᠠᠭᠤᠴᠢᠨ ᠪᠠᠭᠤᠷᠢ︾ ᠶᠢ ᠭᠤᠣᠯᠳᠠᠯᠭ᠎ᠠ ᠲᠠᠢ ᠬᠠᠮᠠᠭᠠᠯᠠᠵᠤ᠂ ᠲᠡᠦᠬᠡ ᠶᠢᠨ | ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠥᠰᠢᠶ᠎ᠡ ᠪᠣᠯᠣᠨ ᠲᠡᠦᠬᠡ ᠶᠢᠨ ᠳᠤᠷᠠᠰᠬᠠᠯᠲᠤ ᠵᠦᠢᠯ ᠤᠨ ᠲᠣᠳᠣᠷᠬᠠᠶᠢᠯᠠᠯᠲᠠ ᠶᠢᠨ ᠫᠠᠶᠢᠰᠠ ᠶᠢ ᠲᠠᠭᠢᠨ ᠪᠣᠰᠬᠠᠪᠠ᠃ | |