ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠵᠣᠷᠢᠭ ᠰᠠᠨᠠᠭ᠎ᠠ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ — ᠶᠠᠫᠤᠨ ᠢ ᠡᠰᠡᠷᠭᠦᠴᠡᠬᠦ ᠳᠠᠶᠢᠨ ᠤ ᠲᠡᠦᠬᠡᠨ ᠳᠡᠭᠡᠷᠡᠬᠢ ᠭᠡᠷᠡᠯ ᠰᠠᠴᠤᠷᠠᠩᠭᠤᠢ ᠨᠢᠭᠡᠨ ᠬᠠᠭᠤᠳᠠᠰᠤ
ᠨᠡᠶᠢᠲᠡᠯᠡᠭᠰᠡᠨ ᠴᠠᠭ᠄
2023/11/16
      ᠳᠠᠯᠠᠨ ᠬᠠᠷ᠎ᠠ ᠠᠭᠤᠯᠠᠨ ᠤ ᠰᠠᠯᠪᠤᠷᠢ ᠠᠩᠭᠢ ᠶᠢᠨ ᠤᠯᠤᠰ ᠲᠥᠷᠥ ᠶᠢᠨ ᠬᠡᠯᠲᠡᠰ ᠤᠨ ᠭᠡᠰᠢᠭᠦᠨ ᠸᠠᠩ ᠸᠧᠢ ᠶᠢᠨ ᠬᠥᠪᠡᠭᠦᠨ ᠸᠠᠩ ᡁᠢ ᠮᠢᠨ᠂ ᠦᠲᠡᠯᠦᠭᠡ ᠨᠠᠰᠤᠨ ᠳᠠᠭᠠᠨ ᠭᠡᠳᠦ ᠤᠳᠠᠭ᠎ᠠ ᠶᠠᠪᠠᠭᠠᠨ ᠢᠶᠠᠷ ᠸᠠᠨ ᠵᠢᠶᠠ ᠭᠧᠦ ᠶᠢᠨ ᠬᠤᠪᠢᠰᠬᠠᠯ ᠤᠨ ᠪᠠᠭᠤᠷᠢ ᠳᠤ ᠬᠦᠷᠴᠦ᠂ ᠠᠪᠤ ᠶᠢᠨ ᠢᠶᠠᠨ ᠶᠠᠪᠤᠵᠤ ᠥᠩᠭᠡᠷᠡᠭᠰᠡᠨ ᠬᠤᠪᠢᠰᠬᠠᠯ ᠤᠨ ᠤᠯᠠ ᠮᠥᠷ ᠢ ᠰᠤᠷᠪᠤᠯᠵᠢᠯᠠᠪᠠ᠃ ᠸᠠᠩ ᠸᠧᠢ ᠪᠣᠯ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠲᠦᠷᠦᠭᠦᠦ ᠪᠦᠯᠦᠭ ᠤᠨ ᠪᠦᠲᠦᠭᠡᠨ ᠪᠠᠶᠢᠭᠤᠯᠤᠭᠴᠢ ᠶᠢᠨ ᠨᠢᠭᠡ ᠪᠣᠯᠣᠨ᠎ᠠ᠂ 1938 ᠣᠨ ᠳᠤ᠂ ᠲᠡᠷᠡ ᠲᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠶᠢ ᠲᠠᠭᠠᠵᠤ ᠲᠠᠯᠠᠨ ᠬᠠᠷ᠎ᠠ ᠠᠭᠤᠯᠠᠨ ᠳᠤ ᠣᠷᠣᠵᠤ᠂ ᠨᠠᠨ ᠫᠢᠩ ᠴᠤᠸᠠᠨ ᠤ ᠠᠵᠢᠯᠯᠠᠬᠤ ᠠᠩᠭᠢ ᠶᠢᠨ ᠨᠠᠷᠢᠨ ᠪᠢᠴᠢᠭᠡᠴᠢ ᠶᠢᠨ ᠲᠤᠰᠢᠶᠠᠯ ᠢ ᠡᠭᠦᠷᠭᠡᠯᠡᠵᠦ ᠥᠩᠭᠡᠷᠡᠪᠡ᠃ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠰᠦᠢᠶᠤᠸᠠᠨ ᠤ ᠪᠠᠷᠠᠭᠤᠨ ᠬᠡᠰᠡᠭ ᠲᠤ ᠦ᠋ ᠭᠦᠢ ᠰᠢᠶᠠᠨ ᠤ ᠵᠠᠰᠠᠭ ᠤᠨ ᠣᠷᠳᠣᠨ ᠢ ᠪᠠᠶᠢᠭᠤᠯᠤᠭᠰᠠᠨ ᠤ ᠳᠠᠷᠠᠭ᠎ᠠ᠂ ᠸᠠᠩ ᠸᠧᠢ ᠰᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠥᠩᠭᠡᠷᠡᠭᠰᠡᠨ ᠪᠥᠭᠡᠳ 1940 ᠣᠨ ᠤ 3 ᠰᠠᠷ᠎ᠠ ᠳᠤ ᠪᠠᠷᠠᠭᠤᠨ ᠲᠣᠯᠣᠭᠠᠢ ᠶᠢᠨ ᠬᠤᠷᠠᠯ ᠳᠤ ᠣᠷᠣᠯᠴᠠᠪᠠ᠃      ᠸᠠᠩ ᡁᠢ ᠮᠢᠨ ᠰᠤᠷᠪᠤᠯᠵᠢᠯᠠᠬᠴᠢ ᠳᠤ ᠬᠡᠯᠡᠬᠦ ᠳᠡᠭᠡᠨ᠂ ᠲᠡᠷᠡ ᠪᠣᠯ ᠭᠡᠷ ᠤᠨ ᠢᠶᠠᠨ ᠬᠠᠮᠤᠭ ᠪᠠᠭ᠎ᠠ ᠬᠡᠦᠬᠡᠳ ᠨᠢ ᠪᠣᠯᠬᠤᠷ ᠡᠩᠬᠡ ᠲᠠᠶᠢᠪᠤᠩ ᠴᠠᠭ ᠦᠶ᠎ᠡ ᠳᠤ ᠳᠦᠷᠦᠵᠠᠢ᠂ ᠲᠡᠷᠡ ᠤᠬᠠᠭᠠᠨ ᠣᠷᠣᠬᠤ ᠦᠶ᠎ᠡ ᠳᠤ ᠠᠪᠤ ᠨᠢ ᠨᠢᠭᠡᠨᠲᠡ ᠰᠢᠨ᠎ᠡ ᠳᠤᠮᠳᠠᠳᠤ ᠤᠯᠤᠰ ᠤᠨ ᠨᠠᠮ ᠤᠨ ᠭᠡᠰᠢᠭᠦᠨ ᠺᠠᠳ᠋ᠷ ᠪᠣᠯᠵᠤ᠂ ᠲᠡᠶᠢᠨ ᠤ ᠦᠶ᠎ᠡ ᠶᠢᠨ ᠥᠩᠭᠡᠷᠡᠯᠲᠡ ᠶᠢ ᠠᠪᠤ ᠨᠢ ᠳᠡᠮᠡᠢ ᠳᠤᠷᠠᠳᠬᠤ ᠦᠭᠡᠢ ᠪᠣᠯᠵᠠᠢ᠃ ᠨᠠᠰᠤᠨ ᠤ ᠨᠡᠮᠡᠭᠳᠡᠬᠦ ᠶᠢ ᠳᠠᠭᠠᠯᠳᠤᠨ᠂ ᠸᠠᠩ ᡁᠢ ᠮᠢᠨ ᠠᠪᠤ ᠶᠢᠨ ᠢᠶᠠᠨ ᠬᠤᠪᠢᠰᠬᠠᠯ ᠤᠨ ᠥᠩᠭᠡᠷᠡᠯᠲᠡ ᠳᠤ ᠤᠯᠠᠮ ᠠᠴᠠ ᠤᠯᠠᠮ ᠰᠣᠨᠢᠷᠬᠠᠯ ᠲᠠᠢ ᠪᠣᠯᠪᠠ᠃ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠲᠡᠷᠡ ᠶᠡᠭᠡ ᠬᠡᠮᠵᠢᠶᠡᠨ ᠤ ᠴᠠᠭ ᠵᠠᠷᠤᠴᠠᠭᠤᠯᠵᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠲᠡᠦᠬᠡ ᠶᠢ ᠪᠠᠶᠢᠴᠠᠭᠠᠨ ᠦᠵᠡᠭᠰᠡᠨ ᠪᠥᠭᠡᠳ ︽ᠵᠠᠭᠤᠨ ᠵᠢᠯ︾ ᠭᠡᠬᠦ ᠨᠡᠷ᠎ᠡ ᠲᠠᠢ ᠭᠡᠷ ᠤᠨ ᠲᠡᠦᠬᠡ ᠶᠢ ᠪᠢᠴᠢᠵᠡᠢ᠂ ᠲᠡᠷᠡ ᠰᠤᠷᠪᠤᠯᠵᠢᠯᠠᠬᠴᠢ ᠳᠤ᠂ ᠥᠪᠡᠷ ᠢᠶᠠᠨ ᠡᠴᠢᠭᠡ ᠶᠢᠨ ᠦᠶ᠎ᠡ ᠠᠴᠠ ᠤᠳᠤ ᠪᠤᠯᠲᠠᠯᠠᠭᠢ ᠥᠪᠡᠷ ᠤᠨ ᠭᠡᠷ ᠤᠨ ᠲᠡᠦᠬᠡ ᠶᠢ ᠪᠢᠴᠢᠬᠦ ᠪᠠᠷ ᠲᠣᠭᠲᠠᠭᠰᠠᠨ ᠨᠢ ᠭᠡᠷ ᠪᠦᠯᠢ ᠶᠢᠨ ᠵᠢᠵᠢᠭ ᠰᠠᠵᠢᠭ ᠶᠠᠪᠤᠳᠠᠯ ᠠᠴᠠ ᠵᠠᠭᠤᠨ ᠵᠢᠯ ᠤᠨ ᠬᠤᠭᠤᠷᠣᠨᠳᠣᠭᠢ ᠨᠡᠶᠢᠭᠡᠮ ᠤᠨ ᠬᠤᠪᠢᠷᠠᠯᠲᠠ ᠶᠢ ᠲᠤᠰᠬᠠᠵᠤ᠂ ᠬᠤᠵᠢᠮ ᠤᠨ ᠬᠥᠮᠥᠰ ᠲᠤ ᠤᠷᠢᠳᠤᠬᠢ ᠬᠥᠮᠥᠰ ᠤᠨ ᠳᠤᠷᠠᠰᠤᠮᠵᠢ ᠶᠢ ᠦᠯᠡᠳᠡᠭᠡᠬᠦ ᠶᠢᠨ ᠲᠥᠯᠥᠭᠡ ᠶᠤᠮ ᠭᠡᠵᠦ ᠬᠡᠯᠡᠪᠡ᠃      ᠸᠠᠩ ᡁᠢ ᠮᠢᠨ ᠤ ᠶᠠᠷᠢᠬᠤ ᠶᠢ ᠳᠠᠭᠠᠯᠳᠤᠨ᠂ ᠴᠠᠭ ᠬᠤᠭᠤᠴᠠᠭ᠎ᠠ 80 ᠭᠠᠷᠤᠢ ᠵᠢᠯ ᠤᠨ ᠡᠮᠦᠨᠡᠬᠢ ᠳᠠᠶᠢᠨ ᠤ ᠴᠠᠭ ᠦᠶ᠎ᠡ ᠳᠤ ᠪᠤᠴᠠᠪᠠ᠃ 1938 ᠣᠨ ᠳᠤ᠂ ᠰᠠᠶ᠋ᠢᠬᠠᠨ ᠪᠠᠶᠢᠭᠤᠯᠤᠭᠳᠠᠭᠰᠠᠨ ᠳᠠᠯᠠᠨ ᠬᠠᠷ᠎ᠠ ᠠᠭᠤᠯᠠᠨ ᠤ ᠰᠠᠯᠪᠤᠷᠢ ᠠᠩᠭᠢ᠂ ᠶᠡᠷᠦᠩᠬᠡᠢ ᠬᠥᠳᠡᠯᠭᠡᠭᠡᠨ ᠤ ᠵᠥᠪᠯᠡᠯ ᠪᠣᠯᠣᠨ ᠫᠠᠷᠲ᠋ᠢᠽᠠᠨ ᠤ ᠳᠥᠷᠪᠡᠳᠦᠭᠡᠷ ᠰᠠᠯᠪᠤᠷᠢ ᠠᠩᠭᠢ ᠮᠤᠨᠢ ᠠᠭᠤᠯᠠᠨ ᠳᠤ ᠳᠣᠯᠣᠭᠠᠨ ᠵᠠᠭᠤᠨ ᠭᠠᠵᠠᠷ ᠠᠶᠠᠯᠠᠨ ᠪᠠᠶᠢᠯᠳᠤᠵᠤ᠂ ᠶᠠᠫᠤᠨ ᠬᠠᠭᠤᠷᠮᠠᠭ ᠴᠡᠷᠢᠭ ᠤᠨ ᠬᠦᠴᠦᠨ ᠳᠤ ᠴᠣᠬᠢᠯᠲᠠ ᠥᠭᠴᠦ᠂ ᠨᠠᠢᠮᠠᠳᠤᠭᠠᠷ ᠵᠠᠮ ᠤᠨ ᠴᠡᠷᠢᠭ ᠤᠨ ᠶᠠᠫᠤᠨ ᠢ ᠡᠰᠡᠷᠭᠦᠴᠡᠬᠦ ᠨᠥᠯᠥᠭᠡ ᠶᠢ ᠥᠷᠭᠡᠳᠬᠡᠵᠡᠢ᠂ ᠲᠠᠲᠠ ᠲᠤᠤ ᠯᠢᠨ ᠰᠢᠶᠠᠨ ᠤ ᠬᠤᠲᠠ ᠳᠤ ᠠᠩᠬ᠎ᠠ ᠪᠠᠶᠢᠯᠳᠤᠵᠤ᠂ ᠤᠯᠠᠭᠠᠨᠬᠤᠸᠠ ᠪᠠᠯᠭᠠᠰᠤ ᠶᠢ ᠡᠵᠡᠯᠡᠵᠦ᠂ ᠨᠠᠢᠮᠠᠳᠤᠭᠠᠷ ᠵᠠᠮ ᠤᠨ ᠴᠡᠷᠢᠭ ᠤᠨ ᠨᠡᠷ᠎ᠡ ᠬᠦᠨᠳᠦ ᠶᠢ ᠶᠡᠬᠡᠪᠡᠷ ᠮᠠᠨᠳᠤᠭᠤᠯᠵᠠᠶ;ᠡᠦ ᠭᠦᠩ ᠪᠠ ᠶᠢᠨ ᠪᠦᠭᠬᠦᠨ ᠴᠣᠬᠢᠬᠤ ᠪᠠᠶᠢᠯᠳᠤᠭᠠᠨ ᠨᠢ ᠨᠠᠢᠮᠠᠳᠤᠭᠠᠷ ᠵᠠᠮ ᠤᠨ ᠴᠡᠷᠢᠭ ᠤᠨ ᠶᠠᠫᠤᠨ ᠢ ᠡᠰᠡᠷᠭᠦᠴᠡᠬᠦ ᠰᠦᠷ ᠬᠦᠴᠦᠨ ᠢ ᠲᠠᠯᠠᠨ ᠬᠠᠷ᠎ᠠ ᠠᠭᠤᠯᠠ ᠶᠢᠨ ᠠᠷᠤ ᠬᠤᠷᠮᠣᠢ ᠠᠴᠠ ᠡᠮᠦᠨ᠎ᠡ ᠬᠤᠷᠮᠣᠢ ᠳᠠᠬᠢ ᠲᠦᠮᠡᠳ ᠤᠨ ᠲᠠᠯ᠎ᠠ ᠭᠦᠷᠲᠡᠯ᠎ᠡ ᠤᠯᠠᠮᠵᠢᠯᠠᠭᠰᠠᠨ ᠪᠠᠶᠢᠨ᠎ᠠ᠃      1938 ᠣᠨ ᠤ 12 ᠰᠠᠷ᠎ᠠ ᠪᠤᠯᠬᠤ ᠳᠤ᠂ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠨᠢᠭᠡᠨᠲᠡ ᠶᠠᠫᠤᠨ ᠤ ᠬᠠᠭᠤᠷᠮᠠᠭ ᠴᠡᠷᠢᠭ ᠢ ᠬᠤᠷᠢᠭᠯᠠᠵᠤ᠂ ᠰᠦᠢᠶᠤᠸᠠᠨ ᠤ ᠳᠤᠮᠳᠠᠳᠤ ᠬᠡᠰᠡᠭ᠂ ᠰᠦᠢᠶᠤᠸᠠᠨ ᠤ ᠪᠠᠷᠠᠭᠤᠨ ᠬᠡᠰᠡᠭ᠂ ᠰᠦᠢᠶᠤᠸᠠᠨ ᠤ ᠡᠮᠦᠨᠡᠲᠦ ᠬᠡᠰᠡᠭ ᠤᠨ ᠭᠤᠷᠪᠠᠨ ᠫᠠᠷᠲ᠋ᠢᠽᠠᠨ ᠣᠷᠣᠨ ᠢ ᠠᠮᠵᠢᠯᠲᠠ ᠲᠠᠢ ᠨᠡᠭᠡᠭᠡᠵᠦ᠂ ᠤᠮᠠᠷᠠᠰᠢ ᠮᠣᠷᠳᠠᠨ ᠳᠠᠶᠢᠰᠤᠨ ᠤ ᠠᠷᠤ ᠲᠠᠯ᠎ᠠ ᠳᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠢ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ ᠶᠠᠫᠤᠨ ᠢ ᠡᠰᠡᠷᠭᠦᠴᠡᠬᠦ ᠤᠯᠠᠭᠠᠨ ᠲᠤᠭ ᠢ ᠳᠠᠯᠠᠨ ᠬᠠᠷ᠎ᠠ ᠠᠭᠤᠯᠠᠨ ᠳᠤ ᠪᠠᠲᠤ ᠬᠠᠳᠬᠤᠪᠠ᠃      ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠢ ᠪᠠᠶᠢᠭᠤᠯᠤᠭᠰᠠᠨ ᠤ ᠳᠠᠷᠠᠭ᠎ᠠ᠂ ᠲᠤᠬᠠᠢ ᠶᠢᠨ ᠭᠠᠵᠠᠷ ᠤᠨ ᠭᠠᠵᠠᠷ ᠵᠦᠢ ᠶᠢᠨ ᠣᠷᠴᠢᠨ ᠲᠣᠭᠤᠷᠢᠨ ᠪᠠ ᠳᠠᠶᠢᠰᠤᠨ ᠲᠠᠢ ᠲᠡᠮᠡᠴᠡᠬᠦ ᠬᠡᠷᠡᠭᠴᠡᠭᠡ ᠶᠢ ᠦᠨᠳᠦᠰᠦᠯᠡᠨ᠂ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠶᠠᠪᠠᠭᠠᠨ ᠴᠡᠷᠢᠭ ᠠᠴᠠ ᠠᠭᠠᠵᠢᠮ ᠢᠶᠠᠷ ᠮᠣᠷᠢᠲᠤ ᠴᠡᠷᠢᠭ ᠪᠣᠯᠵᠤ ᠬᠤᠪᠢᠷᠠᠪᠠ᠃ ᠵᠥᠪᠭᠡᠨ 1938 ᠣᠨ ᠤ 9 ᠰᠠᠷ᠎ᠠ ᠠᠴᠠ 1940 ᠣᠨ ᠤ 1 ᠰᠠᠷ᠎ᠠ ᠪᠤᠯᠲᠠᠯ᠎ᠠ᠂ ᠮᠣᠷᠢᠲᠤ ᠴᠡᠷᠢᠭ ᠤᠨ ᠰᠠᠯᠪᠤᠷᠢ ᠠᠩᠭᠢ ᠳᠠᠷᠤᠢ ᠶᠠᠫᠤᠨ ᠤ ᠬᠠᠭᠤᠷᠮᠠᠭ ᠴᠡᠷᠢᠭ ᠲᠠᠢ 120 ᠭᠠᠷᠤᠢ ᠤᠳᠠᠭ᠎ᠠ ᠶᠡᠭᠡ ᠪᠠᠭ᠎ᠠ ᠪᠠᠶᠢᠯᠳᠤᠭᠠᠨ ᠬᠢᠵᠦ᠂ ᠶᠠᠫᠤᠨ ᠴᠡᠷᠢᠭ ᠤᠨ ᠮᠢᠩᠭ᠎ᠠ ᠭᠠᠷᠤᠢ ᠬᠥᠮᠥᠨ᠂ ᠬᠠᠭᠤᠷᠮᠠᠭ ᠴᠡᠷᠢᠭ ᠤᠨ 500 ᠭᠠᠷᠤᠢ ᠬᠥᠮᠥᠨ ᠢ ᠫᠤᠤᠳᠠᠨ ᠠᠯᠠᠵᠤ᠂ ᠬᠠᠭᠤᠷᠮᠠᠭ ᠴᠡᠷᠢᠭ ᠤᠨ 500 ᠭᠠᠷᠤᠢ ᠬᠥᠮᠥᠨ ᠢ ᠣᠯᠵᠠᠯᠠᠪᠠ᠃ ᠴᠡᠷᠢᠭ ᠳᠠᠶᠢᠨ ᠤ ᠲᠡᠮᠡᠴᠡᠯ ᠤᠨ ᠬᠦᠴᠦᠲᠡᠢ ᠥᠷᠨᠢᠬᠦ ᠶᠢ ᠳᠠᠭᠠᠯᠳᠤᠨ᠂ ᠳᠠᠯᠠᠨ ᠬᠠᠷ᠎ᠠ ᠠᠭᠤᠯᠠ ᠶᠢᠨ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠵᠠᠰᠠᠭ ᠤᠨ ᠪᠠᠶᠢᠭᠤᠯᠤᠯᠲᠠ᠂ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ ᠤ ᠠᠵᠢᠯ᠂ ᠨᠢᠭᠤᠴᠠ ᠲᠡᠮᠡᠴᠡᠯ᠂ ᠳᠡᠭᠡᠷᠡᠮ ᠢ ᠤᠰᠠᠳᠬᠠᠬᠤ ᠲᠡᠮᠡᠴᠡᠯ ᠪᠦᠭᠦ ᠲᠠᠯ᠎ᠠ ᠪᠠᠷ ᠠᠬᠢᠵᠤ᠂ ᠶᠠᠫᠤᠨ ᠤ ᠬᠠᠭᠤᠷᠮᠠᠭ ᠴᠡᠷᠢᠭ ᠲᠤ ᠬᠦᠨᠳᠦ ᠴᠣᠬᠢᠯᠲᠠ ᠥᠭᠴᠦ᠂ ᠰᠦᠢᠶᠤᠸᠠᠨ ᠣᠷᠣᠨ ᠤ ᠮᠣᠩᠭᠤᠯ ᠬᠢᠲᠠᠳ ᠡᠯ᠎ᠡ ᠦᠨᠳᠦᠰᠦᠲᠡᠨ ᠤ ᠠᠷᠠᠳ ᠲᠦᠮᠡᠨ ᠤ ᠳᠠᠶᠢᠰᠤᠨ ᠢ ᠢᠯᠠᠬᠤ ᠢᠲᠡᠭᠡᠯ ᠵᠣᠷᠢᠭ ᠢ ᠬᠥᠪᠴᠢᠯᠡᠵᠡᠢ᠃      ᠶᠠᠫᠤᠨ ᠳᠡᠭᠡᠷᠡᠮᠴᠢᠳ ᠺᠣᠯᠣᠨᠢ ᠶᠢᠨ ᠨᠣᠶᠠᠷᠬᠠᠯ ᠢᠶᠠᠨ ᠪᠠᠬᠢᠵᠢᠭᠦᠯᠬᠦ ᠶᠢᠨ ᠲᠥᠯᠥᠭᠡ ᠤᠷᠢᠳ ᠬᠤᠵᠢᠳ ᠬᠡᠳᠦᠨ ᠠᠷᠪᠠᠨ ᠤᠳᠠᠭ᠎ᠠ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠢ ᠪᠦᠰᠡᠯᠡᠨ ᠤᠰᠠᠳᠬᠠᠪᠠ᠃ ᠤᠳᠤᠷᠢᠳᠬᠤ ᠪᠠᠶᠢᠭᠤᠯᠭ᠎ᠠ ᠪᠣᠯᠣᠨ ᠮᠣᠷᠢᠲᠤ ᠴᠡᠷᠢᠭ ᠤᠨ ᠭᠤᠣᠯ ᠬᠦᠴᠦᠨ ᠰᠢᠯᠵᠢᠵᠦ᠂ ᠳᠠᠶᠢᠰᠤᠨ ᠮᠠᠨ ᠤ ᠬᠦᠴᠦᠨ ᠤ ᠵᠥᠷᠢᠶ᠎ᠡ ᠲᠤᠩ ᠶᠡᠭᠡ᠂ ᠣᠷᠴᠢᠨ ᠲᠣᠭᠤᠷᠢᠨ ᠲᠤᠶᠢᠯ ᠤᠨ ᠠᠶᠤᠯ ᠲᠦᠭᠰᠢᠭᠦᠷᠢᠲᠡᠢ ᠪᠠᠶᠢᠳᠠᠯ ᠳᠣᠣᠷ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠶᠠᠫᠤᠨ ᠢ ᠡᠰᠡᠷᠭᠦᠴᠡᠬᠦ ᠬᠦᠴᠦᠨ ᠲᠠᠯᠠᠨ ᠬᠠᠷ᠎ᠠ ᠠᠭᠤᠯᠠᠨ ᠳᠤ ᠢᠮᠠᠭᠲᠠ ᠡᠷᠡᠯᠬᠡᠭ ᠪᠠᠭᠠᠲᠤᠷᠯᠢᠭ ᠢᠶᠠᠷ ᠲᠡᠮᠡᠴᠡᠭᠰᠡᠭᠡᠷ ᠢᠷᠡᠵᠠᠢ᠃ 1944 ᠣᠨ ᠪᠤᠯᠬᠤ ᠳᠤ᠂ ᠮᠠᠨ ᠤ ᠴᠡᠷᠢᠭ ᠤᠨ ᠡᠵᠡᠮᠰᠢᠭᠰᠡᠨ ᠫᠠᠷᠲ᠋ᠢᠽᠠᠨ ᠤ ᠰᠠᠭᠤᠷᠢᠨ ᠭᠠᠵᠠᠷ ᠤᠨ ᠶᠡᠷᠦᠩᠬᠡᠢ ᠲᠠᠯᠠᠪᠠᠢ ᠨᠢᠭᠡᠨᠲᠡ 11 ᠲᠦᠮᠡ ᠭᠠᠷᠤᠢ ᠲᠡᠭᠰᠢ ᠳᠥᠷᠪᠡᠯᠵᠢᠨ ᠭᠠᠵᠠᠷ ᠬᠦᠷᠴᠦ᠂ ᠶᠡᠷᠦᠩᠬᠡᠢ ᠬᠥᠮᠥᠨ ᠠᠮᠠ 46 ᠲᠦᠮᠡ ᠳᠤ ᠬᠦᠷᠴᠡᠢ᠂ ᠡᠭᠦᠨ ᠤ ᠳᠣᠲᠣᠷ᠎ᠠ ᠨᠡᠯᠢᠶᠡᠳ ᠪᠠᠲᠤ ᠪᠠᠬᠢ ᠫᠠᠷᠲ᠋ᠢᠽᠠᠨ ᠤ ᠰᠠᠭᠤᠷᠢᠨ ᠭᠠᠵᠠᠷ ᠤᠨ ᠲᠠᠯᠠᠪᠠᠢ 3 ᠲᠦᠮᠡ ᠭᠠᠷᠤᠢ ᠲᠡᠭᠰᠢ ᠳᠥᠷᠪᠡᠯᠵᠢᠨ ᠭᠠᠵᠠᠷ ᠬᠦᠷᠴᠦ᠂ ᠶᠡᠷᠦᠩᠬᠡᠢ ᠬᠥᠮᠥᠨ ᠠᠮᠠ 15 ᠲᠦᠮᠡ ᠳᠤ ᠬᠦᠷᠴᠡᠢ᠃ 1945 ᠣᠨ ᠤ 9 ᠰᠠᠷ᠎ᠠ ᠶᠢᠨ 2 ᠤᠨ ᠡᠳᠦᠷ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠤ ᠠᠭᠤᠤ ᠶᠡᠭᠡ ᠢᠯᠠᠯᠲᠠ ᠶᠢ ᠤᠭᠲᠤᠨ ᠠᠪᠴᠠᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ