ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠵᠣᠷᠢᠭ ᠰᠠᠨᠠᠭ᠎ᠠ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ — ᠦᠶ᠎ᠡ ᠶᠢᠨ ᠦᠶ᠎ᠡ ᠳᠤ ᠤᠯᠠᠮᠵᠢᠯᠠᠭᠳᠠᠬᠤ ᠬᠤᠪᠢᠰᠬᠠᠯᠲᠤ ᠵᠣᠷᠢᠭ ᠰᠠᠨᠠᠭ᠎ᠠ
ᠨᠡᠶᠢᠲᠡᠯᠡᠭᠰᠡᠨ ᠴᠠᠭ᠄
2023/11/16
      ᠳᠤᠮᠳᠠᠳᠤ ᠤᠯᠤᠰ ᠤᠨ ᠬᠤᠪᠢᠰᠬᠠᠯ ᠤᠨ ᠲᠡᠦᠬᠡᠨ ᠳᠡᠭᠡᠷ᠎ᠡ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠴᠢᠬᠤᠯᠠ ᠦᠢᠯᠡᠳᠦᠯ ᠦᠵᠡᠭᠦᠯᠵᠡᠢ᠄  ᠲᠡᠷᠡ ᠨᠢ ᠶᠡᠭᠡ ᠬᠡᠮᠵᠢᠶᠡᠨ ᠤ ᠶᠠᠫᠤᠨ ᠤ ᠬᠠᠭᠤᠷᠮᠠᠭ ᠴᠡᠷᠢᠭ ᠢ ᠤᠰᠠᠳᠬᠠᠨ ᠬᠤᠷᠢᠭᠯᠠᠵᠤ᠂ ᠶᠠᠫᠤᠨ ᠤ ᠬᠠᠭᠤᠷᠮᠠᠭ ᠴᠡᠷᠢᠭ ᠤᠨ ︽ᠪᠠᠷᠠᠭᠤᠨᠰᠢ ᠣᠷᠣᠬᠤ︾ ᠪᠠ ︽ᠡᠮᠦᠨᠡᠰᠢ ᠣᠷᠣᠬᠤ︾ ᠭᠤᠷᠢᠳᠠᠯᠭ᠎ᠠ ᠶᠢ ᠬᠤᠷᠢᠭᠯᠠᠵᠤ᠂ ᠱᠠᠨᠰᠢ ᠭᠠᠨᠰᠤ ᠨᠢᠩᠰᠢᠶᠠ ᠶᠢᠨ ᠬᠢᠵᠠᠭᠠᠷ ᠣᠷᠣᠨ ᠪᠠ ᠱᠠᠨ ᠰᠢ ᠰᠦᠢᠶᠤᠸᠠᠨ ᠤ ᠬᠢᠵᠠᠭᠠᠷ ᠣᠷᠣᠨ ᠤ ᠤᠮᠠᠷᠠᠲᠤ ᠶᠢᠨ ᠬᠠᠭᠠᠯᠭ᠎ᠠ ᠶᠢ ᠬᠠᠮᠠᠭᠠᠯᠠᠭᠰᠠᠨ ᠪᠥᠭᠡᠳ ᠮᠠᠨ ᠤ ᠴᠡᠷᠢᠭ ᠤᠨ ᠪᠠᠶᠢᠯᠳᠤᠬᠤ ᠪᠣᠳᠣᠯᠭ᠎ᠠ ᠶᠢᠨ ᠭᠡᠳᠡᠷᠭᠦ ᠳᠣᠪᠲᠤᠯᠤᠯᠲᠠ ᠶᠢᠨ ᠱᠠᠲᠤᠨ ᠤ ᠤᠷᠤᠭᠰᠢᠯᠠᠯᠲᠠ ᠶᠢᠨ ᠵᠢᠭᠰᠠᠭᠠᠯ ᠤᠨ ᠭᠠᠵᠠᠷ ᠪᠣᠯᠤᠭᠰᠠᠨ ᠪᠠᠶᠢᠨ᠎ᠠ; ᠲᠡᠷᠡ ᠨᠢ ᠵᠥᠪᠯᠡᠯᠲᠦ ᠪᠣᠯᠣᠨ ᠮᠣᠩᠭᠤᠯ ᠳᠤ ᠨᠡᠪᠲᠡᠷᠡᠬᠦ ᠤᠯᠠᠨ ᠤᠯᠤᠰ ᠤᠨ ᠵᠠᠮ ᠬᠠᠷᠢᠯᠴᠠᠭᠠᠨ ᠤ ᠱᠤᠭᠤᠮ ᠢ ᠨᠡᠭᠡᠭᠡᠵᠦ᠂ ᠲᠥᠪ ᠬᠤᠷᠢᠶ᠎ᠠ ᠪᠣᠯᠣᠨ ᠡᠪ ᠬᠠᠮᠲᠤ ᠶᠢᠨ ᠢᠨᠲ᠋ᠧᠷᠨᠠᠼᠢᠣᠨᠠᠯ ᠤᠨ ᠬᠠᠷᠢᠯᠴᠠᠭ᠎ᠠ ᠶᠢ ᠪᠠᠲᠤᠯᠠᠬᠤ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠬᠦᠴᠦᠨ ᠢ ᠴᠢᠩᠭᠠᠳᠬᠠᠬᠤ ᠳᠤ ᠴᠢᠬᠤᠯᠠ ᠦᠢᠯᠡᠳᠦᠯ ᠦᠵᠡᠭᠦᠯᠵᠡᠶ; ᠲᠡᠭᠦᠨ ᠤ ᠦᠨᠳᠦᠰᠦᠲᠡᠨ ᠤ ᠠᠵᠢᠯ ᠤᠨ ᠦᠢᠯᠡᠳᠦᠯᠭᠡ ᠨᠢ ᠶᠠᠫᠤᠨ ᠢ ᠡᠰᠡᠷᠭᠦᠴᠡᠭᠰᠡᠨ ᠳᠠᠶᠢᠨ ᠢᠯᠠᠯᠲᠠ ᠣᠯᠣᠭᠰᠠᠨ ᠤ ᠳᠠᠷᠠᠭ᠎ᠠ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠬᠥᠳᠡᠯᠭᠡᠭᠡᠨ ᠪᠣᠯᠣᠨ ᠠᠷᠠᠳ ᠤᠨ ᠬᠤᠪᠢᠰᠬᠠᠯᠲᠤ ᠬᠥᠳᠡᠯᠭᠡᠭᠡᠨ ᠤ ᠬᠥᠭᠵᠢᠯᠲᠡ ᠳᠤ ᠲᠤᠶᠢᠯ ᠤᠨ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠴᠡᠢ᠃      ᠳᠠᠯᠠᠨ ᠬᠠᠷ᠎ᠠ ᠠᠭᠤᠯᠠ ᠶᠢᠨ ᠡᠨᠡ ᠬᠦ ᠬᠤᠪᠢᠰᠬᠠᠯ ᠤᠨ ᠨᠤᠲᠤᠭ ᠳᠡᠪᠢᠰᠬᠡᠷ ᠳᠡᠭᠡᠷ᠎ᠡ᠂ ᠨᠠᠢᠮᠠᠳᠤᠭᠠᠷ ᠵᠠᠮ ᠤᠨ ᠴᠡᠷᠢᠭ᠂ ᠫᠠᠷᠲ᠋ᠢᠽᠠᠨ ᠠᠩᠭᠢ ᠪᠣᠯᠣᠨ ᠰᠠᠭᠤᠷᠢᠨ ᠭᠠᠵᠠᠷ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠠᠰᠠ ᠲᠤᠶᠢᠯ ᠤᠨ ᠶᠡᠭᠡ ᠦᠷᠡᠭᠳᠡᠯ ᠰᠦᠢᠳᠦᠯ ᠭᠠᠷᠭᠠᠪᠠ᠂ ᠵᠥᠪᠭᠡᠨ 1945 ᠣᠨ ᠤ ᠪᠦᠷᠢᠨ ᠪᠤᠰᠤ ᠪᠦᠷᠢᠳᠬᠡᠯ ᠢᠶᠠᠷ᠂ ᠳᠠᠯᠠᠨ ᠬᠠᠷ᠎ᠠ ᠠᠭᠤᠯᠠ ᠶᠢᠨ ᠭᠠᠵᠠᠷ ᠣᠷᠣᠨ ᠤ ᠰᠠᠯᠠᠭ᠎ᠠ ᠠᠴᠠ ᠳᠡᠭᠡᠭᠰᠢᠬᠢ ᠺᠠᠳ᠋ᠷ 1000 ᠭᠠᠷᠤᠢ ᠪᠡᠶ᠎ᠡ ᠦᠷᠡᠭᠳᠡᠪᠡ᠂ ᠡᠭᠦᠨ ᠤ ᠳᠣᠲᠣᠷ᠎ᠠ ᠨᠡᠯᠢᠶᠡᠳ ᠳᠡᠭᠡᠳᠦ ᠳᠡᠰ ᠤᠨ ᠺᠠᠳ᠋ᠷ ᠲᠤ ᠫᠧᠩ ᠳ᠋ᠧ ᠳ᠋ᠠ᠂ ᠯᠢᠦ ᠬᠤᠩ ᠰᠢᠶᠦ᠋ᠩ᠂ ᠸᠠᠩ ᠰᠢᠶᠠᠨ ᠭᠤᠸᠠᠩ᠂ ᠸᠠᠩ ᠵᠢᠦᠢ ᠳ᠋ᠧ᠂ ᠼᠦᠢ ᠶᠠᠨ᠂ ᠴᠧᠩ ᠵᠦᠩ ᠢ᠂ ᠨᠢᠩ ᠳ᠋ᠧ ᠴᠢᠩ ᠵᠢᠴᠢ ᠮᠣᠩᠭᠤᠯ ᠦᠨᠳᠦᠰᠦᠲᠡᠨ ᠤ ᠺᠠᠳ᠋ᠷ ᠵᠢᠷᠭᠠᠯ᠂ ᠭᠤᠤ ᠹᠧᠩ ᠶᠢᠩ ᠨᠠᠷ ᠪᠠᠶᠢᠨ᠎ᠠ᠃      ᠬᠤᠪᠢᠰᠬᠠᠯ ᠤᠨ ᠠᠬᠠᠮᠠᠳ ᠦᠶ᠎ᠡ ᠶᠢᠨ ᠬᠢᠨ ᠠᠮᠢ ᠨᠠᠰᠤ ᠪᠠᠷ ᠢᠶᠠᠨ ᠪᠠᠶᠢᠯᠳᠤᠭᠠᠨ ᠤ ᠬᠠᠭᠤᠳᠠᠰᠤ ᠶᠢ ᠪᠢᠴᠢᠭᠯᠡᠵᠦ᠂ ᠬᠤᠵᠢᠮ ᠤᠨ ᠬᠥᠮᠥᠰ ᠲᠤ ᠡᠯᠪᠡᠭ ᠪᠠᠶᠠᠯᠢᠭ ᠤᠶᠤᠨ ᠰᠠᠨᠠᠭᠠᠨ ᠤ ᠥᠪ ᠬᠥᠷᠥᠩᠭᠡ ᠦᠯᠡᠳᠡᠭᠡᠪᠡ᠃  ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠲᠡᠦᠬᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠤ ᠲᠡᠦᠬᠡᠨ ᠳᠡᠭᠡᠷᠡᠬᠢ ᠭᠡᠷᠡᠯ ᠰᠠᠴᠤᠷᠠᠩᠭᠤᠢ ᠨᠢᠭᠡᠨ ᠬᠠᠭᠤᠳᠠᠰᠤ ᠮᠥᠨ᠂ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢᠨ ᠠᠭᠤᠤ ᠶᠡᠭᠡ ᠢᠯᠠᠯᠲᠠ ᠮᠥᠨ᠂ ᠪᠠᠰᠠ ᠴᠤ ᠳᠠᠯᠠᠨ ᠬᠠᠷ᠎ᠠ ᠠᠭᠤᠯᠠ ᠶᠢᠨ ᠴᠡᠷᠢᠭ ᠠᠷᠠᠳ ᠤᠨ ᠪᠦᠯᠬᠦᠮᠳᠡᠨ ᠲᠡᠮᠡᠴᠡᠵᠦ᠂ ᠭᠠᠳᠠᠭᠠᠳᠤ ᠶᠢᠨ ᠳᠠᠶᠢᠰᠤᠨ ᠢ ᠬᠠᠮᠲᠤ ᠪᠠᠷ ᠡᠰᠡᠷᠭᠦᠴᠡᠨ ᠬᠤᠷᠢᠭᠯᠠᠭᠰᠠᠨ ᠡᠬᠡ ᠣᠷᠣᠨᠴᠢ ᠦᠵᠡᠯ ᠪᠠ ᠦᠨᠳᠦᠰᠦᠲᠡᠨ ᠤ ᠪᠦᠯᠬᠦᠮᠳᠡᠯ ᠤᠨ ᠢᠯᠠᠯᠲᠠ ᠶᠢᠨ ᠳᠠᠭᠤᠤ ᠮᠥᠨ᠃      ᠤᠳᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠦᠯᠡᠳᠡᠭᠡᠭᠰᠡᠨ ᠬᠤᠪᠢᠰᠬᠠᠯᠲᠤ ᠤᠳᠤᠮᠰᠢᠯ ᠮᠥᠨ ᠬᠦ ᠦᠶ᠎ᠡ ᠤᠯᠠᠷᠢᠨ ᠤᠯᠠᠮᠵᠢᠯᠠᠭᠳᠠᠭᠰᠠᠭᠠᠷ ᠪᠤᠢ᠃ ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠳᠡᠳ᠋ ᠡᠷᠭᠢᠯᠡᠭᠴᠢ ᠭᠦᠸᠧ ᠵᠢᠩ ᠰᠤᠷᠪᠤᠯᠵᠢᠯᠠᠬᠴᠢ ᠳᠤ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠴᠢᠬᠤᠯᠠ ᠣᠷᠣᠨ ᠪᠦᠰᠡ ᠪᠤᠯᠬᠤ ᠲᠦᠮᠡᠳ ᠵᠡᠭᠦᠨ ᠬᠤᠰᠢᠭᠤ ᠥᠪᠥᠷ ᠮᠣᠩᠭᠤᠯ ᠤᠨ ᠬᠤᠪᠢᠰᠬᠠᠯ ᠤᠨ ᠥᠯᠥᠭᠡᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠡᠷᠲᠡ ᠦᠶ᠎ᠡ ᠶᠢᠨ ᠬᠤᠪᠢᠰᠬᠠᠯ ᠤᠨ ᠣᠴᠢ ᠶᠢ ᠳᠦᠷᠡᠯᠵᠢᠭᠦᠯᠪᠡ᠃ 2020 ᠣᠨ ᠠᠴᠠ ᠡᠬᠢᠯᠡᠨ᠂ ᠲᠦᠮᠡᠳ ᠵᠡᠭᠦᠨ ᠬᠤᠰᠢᠭᠤᠨ ᠤ ︽ᠬᠤᠪᠢᠰᠬᠠᠯᠲᠤ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠲᠤ ᠬᠤᠪᠢᠰᠬᠠᠯᠲᠤ ᠰᠣᠶᠣᠯ ᠤᠨ ᠤᠬᠢᠶᠠᠯ ᠢ ᠪᠠᠶᠢᠩᠭᠤ ᠬᠦᠷᠲᠡᠭᠡᠵᠦ᠂ ᠠᠷᠠᠳ ᠣᠯᠠᠨ ᠳᠤ ᠬᠤᠪᠢᠰᠬᠠᠯᠲᠤ ᠰᠣᠶᠣᠯ ᠤᠨ ᠲᠡᠯᠡᠶ ᠲᠠᠩᠭᠢᠰ ᠲᠤ ᠤᠬᠢᠶᠠᠯ ᠬᠦᠷᠲᠡᠭᠡᠵᠦ᠂ ᠵᠠᠯᠠᠭᠤᠴᠤᠳ ᠪᠠᠭᠠᠴᠤᠳ ᠬᠡᠦᠬᠡᠳ ᠲᠤ ᠬᠤᠪᠢᠰᠬᠠᠯᠲᠤ ᠤᠳᠤᠮᠰᠢᠯ ᠢ ᠤᠯᠠᠮᠵᠢᠯᠠᠪᠠ ᠭᠡᠵᠦ ᠬᠡᠯᠡᠵᠦ ᠥᠭᠪᠡ᠃      ᠰᠤᠷᠪᠤᠯᠵᠢᠯᠠᠬᠴᠢ ᠭᠦᠭᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠦᠴᠦᠸᠠᠨ ᠰᠢᠶᠠᠨ ᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠬᠠᠭᠤᠴᠢᠨ ᠪᠠᠭᠤᠷᠢ ᠪᠣᠯ ᠪᠦᠭᠦ ᠤᠯᠤᠰ ᠤᠨ ᠵᠠᠭᠤᠨ ᠬᠤᠪᠢᠰᠬᠠᠯᠲᠤ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ ᠤ ᠨᠢᠭᠡ ᠪᠣᠯᠣᠨ᠎ᠠ᠃ ᠣᠳᠣᠬᠠᠨ ᠳᠤ᠂ ᠭᠦᠭᠡᠬᠤᠲᠠ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠦᠵᠡᠭᠦᠯᠭᠡ ᠶᠢᠨ ᠣᠷᠳᠣᠨ᠂ ᠯᠢ ᠴᠢ ᠭᠧᠦ ᠬᠤᠤ ᠲᠣᠭᠤᠷᠢᠭ ᠤᠨ ᠵᠠᠰᠠᠭ ᠤᠨ ᠣᠷᠳᠣᠨ ᠤ ᠪᠠᠭᠤᠷᠢ᠂ ᠳ᠋ᠧ ᠱᠧᠩ ᠭᠧᠦ ᠶᠢᠨ ᠨᠠᠢᠮᠠᠳᠤᠭᠠᠷ ᠵᠠᠮ ᠤᠨ ᠴᠡᠷᠢᠭ ᠤᠨ ᠱᠲ᠋ᠠᠪ ᠤᠨ ᠪᠠᠭᠤᠷᠢ᠂ ᠵᠢᠩ ᠡᠯ ᠭᠧᠦ ᠶᠢᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠢᠶᠠᠷ ᠭᠤᠣᠯ ᠵᠠᠩᠭᠢᠯᠠᠭ᠎ᠠ ᠶᠢᠨ ᠴᠡᠭ ᠪᠤᠯᠭᠠᠵᠤ᠂ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠯᠭᠦᠮ ᠪᠠᠶᠢᠭᠤᠯᠬᠤ ᠬᠥᠭᠵᠢᠯᠲᠡ ᠶᠢᠨ ᠪᠦᠰᠡ ᠶᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠣᠷᠢᠭ ᠰᠠᠨᠠᠭ᠎ᠠ ᠶᠢ ᠢᠯᠡᠷᠡᠭᠦᠯᠬᠦ᠂ ᠬᠤᠪᠢᠰᠬᠠᠯ ᠤᠨ ᠬᠥᠮᠦᠵᠢᠯ ᠥᠷᠨᠢᠭᠦᠯᠬᠦ ᠴᠢᠬᠤᠯᠠ  ᠰᠠᠭᠤᠷᠢᠨ ᠪᠣᠯᠵᠠᠢ᠃      ᠬᠤᠪᠢᠰᠬᠠᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠪᠣᠯ ᠮᠠᠨ ᠤ ᠨᠠᠮ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠳᠤᠮᠳᠠ ᠪᠦᠷᠢᠯᠳᠦᠭᠰᠡᠨ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠮᠥᠨ᠃ ᠣᠶᠢᠷ᠎ᠠ ᠶᠢᠨ ᠬᠡᠳᠦᠨ ᠵᠢᠯ ᠳᠤ᠂ ᠭᠦᠭᠡᠬᠤᠲᠠ ᠬᠤᠪᠢᠰᠬᠠᠯ ᠤᠨ ᠵᠢᠭᠤᠯᠴᠢᠯᠠᠯ ᠢ ᠶᠡᠭᠡ ᠪᠠᠷ ᠬᠥᠭᠵᠢᠭᠦᠯᠵᠦ᠂ ᠬᠤᠪᠢᠰᠬᠠᠯ ᠤᠨ ᠲᠦᠷᠦᠯ ᠲᠡᠮᠳᠡᠭ ᠢ ᠥᠷᠭᠡᠨ ᠢᠶᠠᠷ ᠤᠬᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠤᠯᠠᠮᠵᠢᠯᠠᠯ ᠢ ᠰᠠᠶᠢᠲᠤᠷ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠰᠠᠶᠢᠲᠤᠷ ᠤᠯᠠᠮᠵᠢᠯᠠᠵᠤ᠂ ᠨᠠᠮ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠳᠤᠮᠳᠠ ᠠᠴᠠ ᠬᠦᠴᠦᠯᠡᠨ ᠤᠷᠤᠭᠰᠢᠯᠠᠬᠤ ᠰᠢᠷᠭᠢᠰᠢ ᠦᠭᠡᠢ ᠬᠥᠳᠡᠯᠭᠡᠬᠦ ᠬᠦᠴᠦᠨ ᠣᠯᠵᠤ᠂ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ ᠲᠠᠶᠢᠨ ᠢ ᠰᠠᠶᠢᠲᠤᠷ ᠬᠢᠬᠦ ᠪᠠᠷ ᠴᠢᠷᠮᠠᠶᠢᠵᠤ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ