ᠳ᠋ᠠ ᠱᠧᠩ ᠺᠦᠢ᠄ ᠲᠦᠮᠡᠨ ᠭᠠᠵᠠᠷ ᠤᠨ ᠴᠠᠢ ᠶᠢᠨ ᠵᠠᠮ ᠳᠡᠭᠡᠷᠡᠬᠢ ︽ᠳᠤᠮᠳᠠᠳᠤ ᠶᠢᠨ ᠬᠤᠳᠠᠯᠳᠤᠭᠠᠨ ᠤ ᠬᠤᠰᠢᠭᠤᠴᠢ ᠳᠡᠯᠭᠡᠭᠦᠷ︾
ᠨᠡᠶᠢᠲᠡᠯᠡᠭᠰᠡᠨ ᠴᠠᠭ᠄
2023/11/16
      17 ᠳ᠋ᠤᠭᠠᠷ ᠵᠠᠭᠤᠨ ᠤ ᠰᠡᠭᠦᠯᠴᠢ ᠪᠠᠷ ᠬᠥᠭᠵᠢᠨ ᠮᠠᠨᠳᠤᠵᠤ᠂ ᠣᠲᠣ ᠶᠢᠨ ᠳᠤᠮᠳᠠᠳᠤ᠂ ᠮᠣᠩᠭᠤᠯ᠂ ᠣᠷᠣᠰ ᠭᠤᠷᠪᠠᠨ ᠤᠯᠤᠰ ᠢᠶᠠᠷ ᠳᠠᠮᠵᠢᠭᠰᠠᠨ ᠲᠦᠮᠡᠨ ᠭᠠᠵᠠᠷ ᠤᠨ ᠴᠠᠢ ᠶᠢᠨ ᠵᠠᠮ ᠪᠣᠯ ᠴᠠᠢ ᠶᠢᠨ ᠠᠷᠠᠯᠵᠢᠶ᠎ᠠ ᠪᠠᠷ ᠭᠤᠣᠯ ᠪᠤᠯᠭᠠᠬᠰᠠᠨ ᠣᠯᠠᠨ ᠤᠯᠤᠰ ᠤᠨ ᠬᠤᠳᠠᠯᠳᠤᠭᠠᠨ ᠤ ᠵᠠᠮ ᠪᠠᠶᠢᠵᠤ᠂ ᠵᠠᠮ ᠳᠠᠭᠠᠤ 200 ᠭᠠᠷᠤᠢ ᠬᠤᠲᠠ ᠪᠠᠯᠭᠠᠰᠤ ᠶᠢ ᠪᠦᠷᠬᠦᠵᠡᠢ᠂ ᠡᠭᠦᠨ ᠳᠤ ᠭᠦᠢᠬᠤᠸᠠ ᠬᠤᠲᠠ ︵ᠣᠲᠣ ᠶᠢᠨ ᠭᠦᠭᠡᠬᠤᠲᠠ︶ ᠪᠣᠯ ᠳᠠᠷᠤᠢ ᠲᠡᠭᠦᠨ ᠤ ᠳᠣᠲᠣᠷᠠᠬᠢ ᠨᠢᠭᠡ ᠨᠢ ᠪᠣᠯᠣᠨ᠎ᠠ᠃      ᠳ᠋ᠠ ᠱᠧᠩ ᠺᠦᠢ ᠪᠣᠯ ᠱᠠᠨ ᠰᠢ ᠶᠢᠨ ᠬᠤᠳᠠᠯᠳᠤᠭᠠᠴᠢᠨ ᠤ ᠡᠷᠭᠢᠯᠡᠭᠰᠡᠨ ᠳᠤᠮᠳᠠᠳᠤ ᠤᠯᠤᠰ ᠤᠨ ᠴᠢᠩ ᠤᠯᠤᠰ ᠤᠨ ᠦᠶ᠎ᠡ ᠶᠢᠨ ᠬᠠᠮᠤᠭ ᠤᠨ ᠲᠣᠮᠣ ᠤᠯᠤᠰ ᠠᠯᠤᠰᠯᠠᠭᠰᠠᠨ ᠠᠷᠠᠯᠵᠢᠶᠠᠨ ᠤ ᠫᠦᠰᠡ ᠪᠣᠯᠣᠨ᠎ᠠ᠂ ᠱᠠᠨ ᠰᠢ ᠶᠢᠨ ᠶᠢᠦ ᠢᠦᠢ ᠶᠢᠨ ᠱᠦᠷᠭᠡᠢ ᠬᠠᠭᠠᠯᠭ᠎ᠠ ᠳᠤ ᠪᠠᠶᠢᠭᠤᠯᠤᠭᠳᠠᠵᠤ᠂ ᠰᠡᠭᠦᠯᠡᠷ ᠨᠢ ᠶᠡᠷᠦᠩᠬᠡᠢ ᠵᠠᠬᠢᠷᠭ᠎ᠠ ᠪᠠᠨ ᠭᠦᠢᠬᠤᠸᠠ ᠬᠤᠲᠠ ᠳᠤ ᠨᠡᠭᠦᠯᠭᠡᠪᠡ᠃ ᠳ᠋ᠠ ᠱᠧᠩ ᠺᠦᠢ ᠲᠤᠬᠠᠢ ᠶᠢᠨ ᠦᠶ᠎ᠡ ᠶᠢᠨ ᠳᠡᠯᠡᠬᠡᠢ ᠳᠡᠭᠡᠷᠡᠬᠢ ᠬᠠᠮᠤᠭ ᠤᠨ ᠶᠡᠭᠡ ᠤᠯᠤᠰ ᠠᠯᠤᠰᠯᠠᠭᠰᠠᠨ ᠵᠠᠮ ᠬᠠᠷᠢᠯᠴᠠᠭᠠᠨ ᠤ ᠪᠦᠯᠭᠦᠮ ᠲᠠᠢ ᠪᠠᠶᠢᠵᠤ᠂ ᠳᠤᠮᠳᠠᠳᠤ ᠭᠠᠳᠠᠭᠠᠳᠤ ᠳᠤ ᠠᠯᠳᠠᠷᠰᠢᠭᠰᠠᠨ ᠴᠠᠢ ᠶᠢᠨ ᠵᠠᠮ ᠢ ᠨᠡᠭᠡᠭᠡᠵᠦ᠂ ᠬᠤᠳᠠᠯᠳᠤᠭᠠᠨ ᠤ ᠦᠢᠯᠡᠰ ᠨᠢ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢ ᠰᠤᠨᠳᠠᠯᠠᠵᠤ᠂ ᠳᠤᠮᠳᠠᠳᠤ ᠤᠯᠤᠰ ᠤᠨ ᠬᠤᠳᠠᠯᠳᠤᠭᠠᠨ ᠤ ᠲᠡᠦᠬᠡᠨ ᠳᠡᠭᠡᠷᠡᠬᠢ ᠬᠡᠳᠦᠨ ︽ᠡᠭᠦᠳᠦᠯᠲᠡ︾ ᠶᠢ ᠡᠭᠦᠳᠴᠡᠢ᠃      ᠲᠦᠮᠡᠨ ᠭᠠᠵᠠᠷ ᠤᠨ ᠴᠠᠢ ᠶᠢᠨ ᠵᠠᠮ ᠳᠡᠭᠡᠷᠡᠬᠢ ︽ᠳᠤᠮᠳᠠᠳᠤ ᠶᠢᠨ ᠬᠤᠳᠠᠯᠳᠤᠭᠠᠨ ᠤ ᠬᠤᠰᠢᠭᠤᠴᠢ ᠳᠡᠯᠭᠡᠭᠦᠷ︾ ᠪᠣᠯᠤᠭᠰᠠᠨ ᠤ ᠬᠤᠪᠢ ᠳᠤ᠂ ᠳ᠋ᠠ ᠱᠧᠩ ᠺᠦᠢ ᠵᠦᠩᠶᠤᠸᠠᠨ ᠣᠷᠣᠨ ᠪᠣᠯᠣᠨ ᠮᠣᠩᠭᠤᠯ ᠤᠯᠤᠰ᠂ ᠤᠷᠤᠰ ᠯᠤᠭ᠎ᠠ ᠶᠢᠨ ᠡᠷᠲᠡ ᠦᠶ᠎ᠡ ᠶᠢᠨ ᠠᠷᠠᠯᠵᠢᠶ᠎ᠠ ᠶᠢ ᠠᠬᠢᠭᠤᠯᠤᠭᠰᠠᠨ ᠢᠶᠠᠷ ᠪᠠᠷᠠᠬᠤ ᠦᠭᠡᠢ᠂ ᠵᠦᠩᠶᠤᠸᠠᠨ ᠣᠷᠣᠨ ᠪᠣᠯᠣᠨ ᠮᠣᠩᠭᠤᠯ ᠤᠯᠤᠰ᠂ ᠤᠷᠤᠰ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢ ᠴᠢᠩᠭᠠᠳᠬᠠᠵᠠᠢ᠃ ᠲᠡᠭᠦᠨ ᠤ ᠡᠵᠡᠩᠨᠡᠯᠲᠡ ᠶᠢᠨ ᠦᠯᠡᠮᠵᠢ ᠠᠮᠵᠢᠯᠲᠠ ᠨᠢ ᠳᠤᠮᠳᠠᠳᠤ ᠮᠣᠩᠭᠤᠯ ᠣᠷᠣᠰ ᠤᠨ ᠠᠷᠠᠯᠵᠢᠶᠠᠨ ᠤ ᠪᠡᠯᠭᠡ ᠲᠡᠮᠳᠡᠭ ᠪᠣᠯᠵᠤ᠂ ᠳᠤᠮᠳᠠᠳᠤ ᠤᠯᠤᠰ ᠤᠨ ᠲᠡᠦᠬᠡᠨ ᠳᠡᠭᠡᠷ᠎ᠡ ᠬᠤᠪᠣᠷ ᠲᠣᠬᠢᠶᠠᠯᠳᠤᠳᠠᠭ ᠠᠷᠠᠯᠵᠢᠶ᠎ᠠ ᠬᠤᠳᠠᠯᠳᠤᠭᠠᠨ ᠤ ᠭᠠᠶᠢᠬᠠᠮᠰᠢᠭ ᠢ ᠪᠢᠴᠢᠭᠯᠡᠵᠦ᠂ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠳᠤ ᠴᠦ ᠠᠬᠢᠭᠤᠯᠬᠤ ᠦᠢᠯᠡᠳᠦᠯ ᠦᠵᠡᠭᠦᠯᠦᠭᠰᠡᠨ ᠶᠤᠮ᠃
6382778140334154938984836.jpg
           ᠳ᠋ᠠ ᠱᠧᠩ ᠺᠦᠢ ᠫᠦᠰᠡ      ᠮᠣᠩᠭᠤᠯ ᠣᠷᠣᠨ ᠳᠠᠬᠢ ᠱᠠᠨ ᠰᠢ ᠶᠢᠨ ᠶᠠᠪᠤᠭᠤᠯ ᠬᠤᠳᠠᠯᠳᠤᠭᠠᠴᠢᠨ ᠤ ᠪᠢᠴᠢᠭᠯᠡᠭᠰᠡᠨ ᠴᠠᠢ ᠶᠢᠨ ᠵᠠᠮ ᠤᠨ ᠭᠠᠶᠢᠬᠠᠮᠰᠢᠭ      ᠲᠦᠮᠡᠨ ᠭᠠᠵᠠᠷ ᠤᠨ ᠴᠠᠢ ᠶᠢᠨ ᠵᠠᠮ ᠤᠨ ᠬᠥᠭᠵᠢᠯ ᠪᠠᠳᠠᠷᠠᠯ ᠨᠢ ᠮᠠᠨ ᠤ ᠤᠯᠤᠰ ᠤᠨ ᠤᠮᠠᠷᠠᠲᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠲᠤᠶᠢᠯ ᠤᠨ ᠶᠡᠭᠡ ᠰᠡᠳᠡᠯᠲᠡ ᠥᠭᠴᠦ᠂ ᠴᠠᠢ ᠶᠢᠨ ᠵᠠᠮ ᠤᠨ ᠠᠷᠠᠯᠵᠢᠶ᠎ᠠ ᠯᠤᠭ᠎ᠠ ᠬᠤᠯᠪᠣᠭᠳᠠᠯ ᠪᠦᠬᠦᠢ ᠬᠤᠲᠠ ᠪᠠᠯᠭᠠᠰᠤ᠂ ᠬᠤᠳᠠᠯᠳᠤᠭᠠᠨ ᠤ ᠫᠦᠰᠡ᠂ ᠥᠷᠲᠡᠭᠡ ᠪᠠᠭᠤᠳᠠᠯ᠂ ᠰᠦᠮ᠎ᠡ ᠬᠡᠶᠢᠳ ᠦᠳᠲᠡᠷ ᠲᠦᠷᠭᠡᠨ ᠬᠥᠭᠵᠢᠨ ᠴᠡᠴᠡᠭᠯᠡᠵᠡᠢ᠃ ᠭᠦᠢᠬᠤᠸᠠ ᠬᠤᠲᠠ ︵ᠣᠳᠣ ᠶᠢᠨ ᠭᠦᠭᠡᠬᠤᠲᠠ︶ ᠲᠦᠮᠡᠨ ᠭᠠᠵᠠᠷ ᠤᠨ ᠴᠠᠢ ᠶᠢᠨ ᠵᠠᠮ ᠳᠡᠭᠡᠷᠡᠬᠢ ᠮᠣᠩᠭᠤᠯ ᠤᠨ ᠥᠨᠳᠦᠷᠯᠢᠭ ᠠᠴᠠ ᠵᠦᠩᠶᠤᠸᠠᠨ ᠣᠷᠣᠨ ᠪᠠ ᠰᠢᠪᠧᠷᠢᠶ᠎ᠠ ᠳᠤ ᠨᠡᠪᠲᠡᠷᠡᠬᠦ ᠳᠠᠮᠵᠢᠭᠤᠯᠤᠨ ᠲᠡᠭᠡᠭᠡᠪᠦᠷᠢᠯᠡᠬᠦ ᠬᠦᠢᠰᠦ ᠪᠣᠯᠤᠭᠰᠠᠨ ᠤ ᠬᠤᠪᠢ ᠳᠤ᠂ ᠠᠷᠠᠯᠵᠢᠶ᠎ᠠ ᠬᠤᠳᠠᠯᠳᠤᠭ᠎ᠠ ᠨᠢ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠠᠭᠠᠵᠢᠮ ᠢᠶᠠᠷ ᠪᠦᠷᠢᠨ ᠲᠡᠭᠦᠯᠳᠡᠷ ᠴᠢᠳᠠᠮᠵᠢ ᠲᠠᠢ ᠬᠤᠳᠠᠯᠳᠤᠭᠠᠨ ᠤ ᠬᠤᠲᠠ ᠪᠠᠯᠭᠠᠰᠤ ᠪᠣᠯᠵᠤ ᠬᠥᠭᠵᠢᠪᠡ᠃      ᠭᠦᠢᠬᠤᠸᠠ ᠬᠤᠲᠠ ᠴᠢᠩ ᠤᠯᠤᠰ ᠤᠨ ᠦᠶ᠎ᠡ ᠳᠤ ᠱᠠᠨ ᠰᠢ ᠮᠤᠵᠢ ᠳᠤ ᠬᠠᠷᠢᠶᠠᠯᠠᠭᠳᠠᠵᠤ᠂ ᠨᠠᠶᠢᠷᠠᠯᠲᠤ ᠲᠥᠪ ᠤᠨ ᠲᠡᠷᠢᠭᠦᠨ ᠣᠨ ᠳᠤ ᠭᠦᠢᠬᠤᠸᠠ ᠬᠤᠲᠠ ᠶᠢᠨ ᠲᠢᠩᠬᠢᠮ ᠢ ᠪᠠᠶᠢᠭᠤᠯᠵᠤ᠂ ᠤᠮᠠᠷᠠᠲᠤ ᠶᠢᠨ ᠡᠯ᠎ᠡ ᠠᠶᠢᠮᠠᠭ ᠤᠨ ︽ᠬᠠᠷᠢᠯᠴᠠᠨ ᠠᠷᠠᠯᠵᠢᠶ᠎ᠠ ᠬᠢᠬᠦ︾ ᠭᠠᠵᠠᠷ ᠪᠣᠯᠪᠠ᠃ ᠮᠣᠩᠭᠤᠯ᠂ ᠤᠷᠤᠰ ᠲᠠᠢ ᠠᠷᠠᠯᠵᠢᠶ᠎ᠠ ᠬᠢᠵᠦ ᠪᠠᠶᠢᠭᠰᠠᠨ ᠵᠠᠷᠢᠮ ︽ᠮᠣᠩᠭᠤᠯ ᠣᠷᠣᠨ ᠳᠠᠬᠢ ᠶᠠᠪᠤᠭᠤᠯ ᠬᠤᠳᠠᠯᠳᠤᠭᠠᠴᠢᠨ︾ ᠬᠠᠲᠠᠭᠤᠵᠢᠯᠲᠠᠢ ᠴᠢᠷᠮᠠᠶᠢᠬᠤ ᠪᠠᠷ ᠳᠠᠮᠵᠢᠨ ᠠᠯᠭᠤᠷ ᠠᠭᠠᠵᠢᠮ ᠢᠶᠠᠷ ᠶᠡᠭᠡ ᠦᠢᠯᠡᠰ ᠢ ᠪᠦᠲᠦᠭᠡᠭᠰᠡᠨ ᠪᠠᠶᠢᠳᠠᠭ᠃ ᠡᠳᠡᠭᠡᠷ ᠬᠤᠳᠠᠯᠳᠤᠭᠠᠴᠢᠳ ᠤᠨ ᠣᠯᠠᠩᠬᠢ ᠨᠢ ᠱᠠᠨ ᠰᠢ ᠶᠢᠨ ᠬᠤᠳᠠᠯᠳᠤᠭᠠᠴᠢᠨ ᠪᠠᠶᠢᠵᠤ᠂ ᠾᠧᠪᠧᠢ᠂ ᠪᠡᠭᠡᠵᠢᠩ ᠪᠣᠯᠣᠨ ᠲᠢᠶᠠᠨᠵᠢᠨ ᠤ ᠬᠤᠳᠠᠯᠳᠤᠭᠠᠴᠢᠨ ᠴᠦ ᠪᠠᠶᠢᠨ᠎ᠠ᠂ ︽ᠶᠠᠪᠤᠭᠤᠯ ᠬᠤᠳᠠᠯᠳᠤᠭ᠎ᠠ ᠰᠠᠭᠤᠷᠢᠰᠢᠭᠰᠠᠨ ᠬᠤᠳᠠᠯᠳᠤᠭ᠎ᠠ ᠶᠢ ᠬᠠᠮᠵᠢᠯᠴᠠᠭᠤᠯᠤᠨ︾᠂ ᠲᠦᠮᠡᠨ ᠭᠠᠵᠠᠷ ᠤᠨ ᠴᠠᠢ ᠶᠢᠨ ᠵᠠᠮ ᠳᠡᠭᠡᠷᠡᠬᠢ ᠮᠣᠩᠭᠤᠯ ᠣᠷᠣᠰ ᠯᠤᠭ᠎ᠠ ᠴᠠᠢ ᠶᠢᠨ ᠠᠷᠠᠯᠵᠢᠶ᠎ᠠ ᠬᠢᠬᠦ ᠭᠤᠣᠯ ᠲᠦᠯᠬᠢᠴᠡ ᠬᠦᠴᠦᠨ ᠪᠣᠯᠵᠤ᠂ ᠳ᠋ᠠ ᠱᠧᠩ ᠺᠦᠢ ᠫᠦᠰᠡ ᠮᠠᠰᠢ ᠣᠯᠠᠨ ᠫᠦᠰᠡ ᠶᠢᠨ ᠳᠣᠲᠣᠷ᠎ᠠ ᠠᠴᠠ ᠴᠣᠯᠭᠤᠷᠠᠵᠤ ᠭᠠᠷᠤᠭᠰᠠᠨ ᠪᠠᠶᠢᠨ᠎ᠠ᠃      ᠡᠩᠬᠡ ᠠᠮᠤᠭᠤᠯᠠᠩ ᠤᠨ ᠦᠶ᠎ᠡ ᠳᠤ᠂ ᠱᠠᠨ ᠰᠢ ᠮᠤᠵᠢ ᠶᠢᠨ ᠲᠠᠢ ᠭᠦ᠋ ᠰᠢᠶᠠᠨ ᠤ ᠦ᠋ ᠵᠢᠶᠠ ᠪᠤᠤ ᠶᠢᠨ ᠸᠠᠩ ᠰᠢᠶᠠᠩ ᠴᠢᠩ᠂ ᠴᠢ ᠰᠢᠶᠠᠨ ᠤ ᠴᠢ ᠴᠧᠩ ᠲᠣᠰᠬᠤᠨ ᠤ ᠱᠢ ᠵᠢᠶᠠ ᠭᠤᠳᠤᠮᠵᠢ ᠶᠢᠨ ᠱᠢ ᠳ᠋ᠠ ᠰᠢᠤᠸᠠᠢ᠂ ᠴᠢ ᠰᠢᠶᠠᠨ ᠤ ᠬᠤᠲᠠ ᠶᠢᠨ ᠳᠣᠲᠣᠷᠠᠬᠢ ᠢ ᠵᠢᠩ ᠭᠤᠳᠤᠮᠵᠢ ᠶᠢᠨ ᠵᠠᠩ ᠵᠢᠶᠧ ᠬᠤᠳᠠᠯᠳᠤᠭᠠᠨ ᠤ ᠲᠣᠭᠢᠶᠠᠯ ᠢ ᠡᠵᠡᠮᠳᠡᠨ᠂ ᠲᠤᠬᠠᠢ ᠶᠢᠨ ᠭᠠᠵᠠᠷ ᠤᠨ ᠪᠤᠰᠤᠳ ᠬᠡᠳᠦᠨ ᠬᠥᠮᠥᠨ ᠲᠠᠢ ᠬᠠᠮᠲᠤ ᠱᠦᠷᠭᠡᠢ ᠬᠠᠭᠠᠯᠭ᠎ᠠ ᠳᠤ ︽ᠵᠢᠢ ᠱᠧᠩ ᠳᠠᠩ︾ ᠭᠡᠬᠦ ᠬᠤᠳᠠᠯᠳᠤᠭᠠᠨ ᠤ ᠫᠦᠰᠡ ᠶᠢ ᠨᠡᠭᠡᠭᠡᠪᠡ᠂ ᠡᠩᠬᠡ ᠠᠮᠤᠭᠤᠯᠠᠩ ᠤᠨ ᠰᠡᠭᠦᠯᠴᠢ ᠶᠢᠨ ᠣᠨ ᠳᠤ ︽ᠳ᠋ᠠ ᠱᠧᠩ ᠺᠦᠢ︾ ᠭᠡᠵᠦ ᠨᠡᠷ᠎ᠡ ᠪᠠᠨ ᠬᠠᠯᠠᠵᠤ᠂ ᠳ᠋ᠠ ᠱᠧᠩ ᠺᠦᠢ ᠶᠢᠨ ᠶᠡᠷᠦᠩᠬᠡᠢ ᠫᠦᠰᠡ ᠨᠢ ᠡᠬᠢᠨ ᠳᠡᠭᠡᠨ ᠤᠯᠢᠶᠠᠰᠤᠲᠠᠢ ᠪᠣᠯᠣᠨ ᠬᠤᠪᠳᠣ ᠳᠤ ᠪᠠᠶᠢᠪᠠ᠃ ᠤᠯᠢᠶᠠᠰᠤᠲᠠᠢ ᠶᠢᠨ ᠪᠦᠭᠦ ᠨᠡᠷᠡᠶᠢᠳᠦᠯ ᠢ ᠨᠢ ︽ᠤᠯᠢᠶᠠᠰᠤᠲᠠᠢ ᠶᠢᠨ ᠶᠡᠷᠦᠩᠬᠡᠢ ᠵᠠᠬᠢᠷᠭ᠎ᠠ︾ ᠭᠡᠵᠦ᠂ ᠴᠢᠩ ᠤᠯᠤᠰ ᠤᠨ ᠦᠶ᠎ᠡ ᠳᠤ ᠭᠤᠪᠢ ᠶᠢᠨ ᠠᠷᠤ ᠶᠢᠨ ᠣᠯᠠᠨ ᠠᠶᠢᠮᠠᠭ ᠢ ᠶᠡᠷᠦᠩᠬᠡᠶᠢᠯᠡᠨ ᠵᠠᠬᠢᠷᠬᠤ ᠴᠡᠷᠢᠭ ᠵᠠᠰᠠᠭ ᠤᠨ ᠪᠠᠶᠢᠭᠤᠯᠤᠮᠵᠢ ᠪᠠᠶᠢᠵᠠᠢ᠃
6382778253264353135924495.png
           ᠭᠦᠢᠬᠤᠸᠠ ᠬᠤᠲᠠ ᠶᠢᠨ ᠭᠠᠳᠠᠨᠠᠬᠢ ᠲᠡᠮᠡᠭᠡᠨ ᠵᠢᠩ      ᠭᠦᠢᠬᠤᠸᠠ ᠬᠤᠲᠠ ᠪᠠᠷ ᠡᠭᠢᠯᠡᠯᠲᠡ ᠶᠢᠨ ᠴᠡᠭ ᠪᠤᠯᠭᠠᠵᠤ᠂ ᠭᠤᠪᠢ ᠶᠢᠨ ᠠᠷᠤ ᠳᠤ ᠨᠡᠪᠲᠡᠷᠡᠬᠦ ᠬᠤᠳᠠᠯᠳᠤᠭᠠᠨ ᠤ ᠵᠠᠮ 3 ᠵᠤᠷᠪᠤᠰ ᠪᠠᠶᠢᠪᠠ᠂ ᠡᠭᠦᠨ ᠳᠤ ᠬᠠᠮᠤᠭ ᠤᠨ ᠨᠠᠷᠠᠲᠠᠢ ᠨᠢ ᠭᠦᠢᠬᠤᠸᠠ ᠠᠴᠠ ᠤᠯᠢᠶᠠᠰᠤᠲᠠᠢ ᠬᠦᠷᠬᠦ ᠵᠠᠮ ᠪᠣᠯᠣᠨ᠎ᠠ᠂ ᠡᠨᠡ ᠬᠦ ᠬᠤᠳᠠᠯᠳᠤᠭᠠᠨ ᠤ ᠵᠠᠮ ᠨᠢ ᠪᠠᠷᠤᠭ 5320 ᠺᠢᠯᠣᠮᠧᠲᠷ ᠪᠠᠶᠢᠵᠤ᠂ ᠨᠡᠶᠢᠲᠡ 60 ᠥᠷᠲᠡᠭᠡ ᠲᠠᠢ᠂ ᠭᠦᠭᠡᠬᠤᠲᠠ ᠶᠢᠨ ᠠᠬᠠᠮᠠᠳ ᠬᠥᠮᠥᠰ ᠤᠯᠢᠶᠠᠰᠤᠲᠠᠢ ᠶᠢ ︽ᠡᠮᠦᠨ᠎ᠡ ᠬᠤᠸᠠᠷᠠᠨ︾ ᠭᠡᠵᠦ᠂ ᠬᠤᠪᠳᠣ ᠶᠢ ︽ᠬᠤᠶᠢᠲᠤ ᠬᠤᠸᠠᠷᠠᠨ︾ ᠭᠡᠳᠡᠭ᠃ ᠤᠳᠤ ᠶᠢᠨ ᠤᠯᠢᠶᠠᠰᠤᠲᠠᠢ ᠪᠣᠯ ᠮᠣᠩᠭᠤᠯ ᠤᠯᠤᠰ ᠤᠨ ᠨᠢᠭᠡ ᠬᠤᠲᠠ ᠪᠣᠯᠣᠨ᠎ᠠ᠂ ᠡᠳ᠋ ᠤᠨ ᠵᠠᠰᠠᠭ ᠤᠨ ᠪᠠᠶᠢᠷᠢ ᠰᠠᠭᠤᠷᠢ ᠨᠢ ᠮᠠᠰᠢ ᠴᠢᠬᠤᠯᠠ᠂ ᠲᠤᠰ ᠬᠤᠲᠠ ᠲᠦᠮᠡᠨ ᠭᠠᠵᠠᠷ ᠤᠨ ᠴᠠᠢ ᠶᠢᠨ ᠵᠠᠮ ᠳᠤ ᠲᠦᠰᠢᠨ ᠪᠠᠶᠢᠭᠤᠯᠤᠭᠳᠠᠭᠰᠠᠨ ᠬᠤᠲᠠ ᠪᠤᠯᠬᠤ ᠶᠤᠮ᠂ ᠲᠦᠮᠡᠨ ᠭᠠᠵᠠᠷ ᠤᠨ ᠴᠠᠢ ᠶᠢᠨ ᠵᠠᠮ ᠢᠶᠠᠷ ᠬᠤᠳᠠᠯᠳᠤᠭ᠎ᠠ ᠨᠡᠪᠲᠡᠷᠡᠬᠦ ᠠᠴᠠ ᠡᠮᠦᠨ᠎ᠡ ᠤᠯᠢᠶᠠᠰᠤᠲᠠᠢ ᠬᠤᠲᠠ ᠭᠡᠵᠦ ᠣᠷᠣᠰᠢᠬᠤ ᠦᠭᠡᠢ ᠪᠠᠶᠢᠵᠠᠢ᠃      ᠲᠤᠬᠠᠢ ᠶᠢᠨ ᠦᠶ᠎ᠡ ᠳᠤ ᠤᠯᠢᠶᠠᠰᠤᠲᠠᠢ᠂ ᠬᠤᠪᠳᠣ ᠬᠤᠶᠠᠷ ᠭᠠᠵᠠᠷ ᠤᠨ ᠳᠡᠯᠭᠡᠭᠦᠷ ᠤᠨ ᠠᠵᠢᠯᠲᠠᠨ ᠨᠢ ᠳᠡᠯᠭᠡᠭᠦᠷ ᠲᠡᠭᠡᠨ ᠭᠤᠷᠪᠠᠨ ᠵᠢᠯ ᠰᠠᠭᠤᠵᠤ᠂ ᠮᠣᠩᠭᠤᠯ ᠭᠡᠯᠡ ᠰᠤᠷᠤᠬᠰᠠᠨ ᠤ ᠲᠠᠷᠠᠭ᠎ᠠ ᠤᠯᠠᠨ ᠳᠤᠭᠤᠶᠢᠯᠠᠩ ᠪᠠᠶᠢᠭᠤᠯᠤᠭᠠᠳ᠂ ᠮᠣᠩᠭᠤᠯ ᠭᠡᠷ ᠢᠶᠠᠷ ᠶᠠᠪᠤᠵᠤ ᠪᠠᠷᠠᠭ᠎ᠠ ᠪᠠᠨ ᠬᠤᠳᠠᠯᠳᠤᠳᠠᠭ᠃ ᠪᠦᠷᠢᠨ ᠵᠠᠰᠠᠭᠴᠢ ᠶᠢᠨ ᠦᠶ᠎ᠡ ᠪᠤᠯᠬᠤ ᠳᠤ ᠴᠠᠢ᠂ ᠲᠠᠮᠠᠬᠢᠨ ᠤ ᠪᠣᠷᠤᠯᠠᠭᠤᠯᠭ᠎ᠠ ᠰᠠᠶᠢᠨ ᠪᠠᠶᠢᠬᠤ ᠶᠢ ᠦᠵᠡᠭᠡᠳ᠂ ᠳ᠋ᠠ ᠱᠧᠩ ᠺᠦᠢ ᠲᠤᠬᠠᠢ ᠶᠢᠨ ᠭᠠᠵᠠᠷ ᠤᠨ ᠮᠠᠯᠴᠢᠳ ᠤᠨ ᠦᠨᠦᠷ ᠠᠮᠲᠠ ᠪᠠ ᠲᠡᠭᠡᠭᠡᠪᠦᠷᠢ ᠶᠢᠨ ᠳᠥᠭᠦᠮ ᠳᠥᠲᠡ ᠳᠤ ᠵᠣᠬᠢᠴᠠᠭᠤᠯᠬᠤ ᠶᠢᠨ ᠲᠥᠯᠥᠭᠡ᠂ ᠴᠠᠢ ᠶᠢᠨ ᠬᠤᠳᠠᠯᠳᠤᠭᠠᠴᠢᠨ᠂ ᠲᠠᠮᠠᠬᠢᠨ ᠬᠤᠳᠠᠯᠳᠤᠭᠠᠴᠢᠨ ᠲᠠᠢ ᠬᠠᠮᠲᠤ ︽ᠰᠠᠨ ᠵᠢᠦ ᠬᠡᠪ ᠤᠨ ᠴᠠᠢ︾ ᠪᠠ ︽ᠰᠢᠶᠠᠩ ᠱᠧᠩ ᠲᠠᠮᠠᠬᠢ︾ ᠶᠢ ᠦᠢᠯᠡᠳᠪᠦᠷᠢᠯᠡᠵᠦ ᠭᠠᠷᠭᠠᠪᠠ᠃ ᠲᠡᠭᠡᠭᠦ ᠮᠥᠷᠲᠡᠭᠡᠨ ᠦᠢᠯᠡᠳᠪᠦᠷᠢᠯᠡᠬᠦ ᠲᠤᠳᠤᠮ ᠨᠠᠷᠢᠯᠢᠭ ᠪᠣᠯᠵᠤ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠦᠷᠢᠶᠡᠯᠡᠯ ᠢ ᠣᠯᠣᠭᠰᠠᠨ ᠪᠠᠶᠢᠨ᠎ᠠ᠃      19 ᠳ᠋ᠦ᠋ᠭᠡᠷ ᠵᠠᠭᠤᠨ ᠤ ᠡᠬᠢ ᠪᠠᠷ᠂ ᠳ᠋ᠠ ᠱᠧᠩ ᠺᠦᠢ ᠶᠢᠨ ᠶᠡᠷᠦᠩᠬᠡᠢ ᠫᠦᠰᠡ ᠨᠢ ᠭᠦᠢᠬᠤᠸᠠ ᠬᠤᠲᠠ ᠳᠤ ᠨᠡᠭᠦᠵᠦ᠂ ᠥᠷᠭᠡᠨ ᠠᠭᠤᠳᠠᠮ ᠤᠮᠠᠷᠠᠲᠤ ᠣᠷᠣᠨ ᠠᠴᠠ ᠭᠠᠳᠠᠨ᠎ᠠ᠂ ᠳ᠋ᠠ ᠱᠧᠩ ᠺᠦᠢ ᠪᠡᠭᠡᠵᠢᠩ᠂ ᠲᠢᠶᠠᠨᠵᠢᠨ᠂ ᠱᠠᠩᠬᠠᠢ᠂ ᠬᠠᠩᠵᠧᠦ᠂ ᠱᠠᠨ ᠰᠢ᠂ ᠾᠧᠪᠧᠢ᠂ ᠱᠠᠨᠳᠦ᠋ᠩ᠂ ᠾᠧᠨᠠᠨ᠂ ᠬᠤᠪᠧᠢ᠂ ᠭᠤᠸᠠᠩᠳᠦ᠋ᠩ ᠵᠡᠷᠭᠡ ᠮᠤᠵᠢ ᠣᠷᠣᠨ ᠳᠤ ᠪᠦᠷ ᠬᠤᠪᠢᠶᠠᠷᠢ ᠪᠠᠶᠢᠭᠤᠯᠤᠮᠵᠢ᠂ ᠪᠠᠭ᠎ᠠ ᠫᠦᠰᠡ ᠪᠠ ᠰᠠᠭᠤᠭ᠎ᠠ ᠬᠥᠮᠥᠨ ᠲᠠᠢ ᠪᠣᠯᠵᠠᠢ᠃ ᠲᠡᠭᠦᠨ ᠤ ᠬᠥᠭᠵᠢᠨ ᠮᠠᠨᠳᠤᠭᠰᠠᠨ ᠦᠶ᠎ᠡ ᠳᠤ ᠲᠦᠮᠡ ᠰᠢᠬᠠᠮ ᠠᠵᠢᠯᠲᠠᠨ ᠲᠠᠢ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠳᠤ 82 ᠫᠦᠰᠡ᠂ 2 ᠲᠦᠮᠡ ᠭᠠᠷᠤᠢ ᠲᠡᠮᠡᠭᠡ ᠲᠠᠢ ᠪᠠᠶᠢᠪᠠ᠃ ︽ᠴᠠᠢ ᠪᠠᠷ ᠵᠠᠭᠤᠴᠢ ᠪᠤᠯᠭᠠᠵᠤ︾᠂ ᠲᠣᠷᠭ᠎ᠠ ᠳᠤᠷᠳᠤᠩ ᠠᠴᠠ ᠰᠣᠩᠭᠢᠨ᠎ᠠ ᠰᠠᠷᠢᠮᠰᠠᠭ ᠭᠦᠷᠲᠡᠯ᠎ᠡ ᠡᠵᠡᠩᠨᠡᠨ᠂ ᠬᠤᠳᠠᠯᠳᠤᠭᠠᠴᠢᠨ ᠤ ᠤᠯᠠ ᠮᠥᠷ ᠨᠢ ᠪᠦᠭᠦ ᠤᠯᠤᠰ ᠵᠢᠴᠢ ᠮᠣᠩᠭᠤᠯ ᠤᠯᠤᠰ ᠤᠨ ᠤᠯᠢᠶᠠᠰᠤᠲᠠᠢ᠂ ᠶᠡᠭᠡ ᠬᠦᠷᠢᠶ᠎ᠡ ︵ᠣᠲᠣ ᠶᠢᠨ ᠤᠯᠠᠭᠠᠨᠪᠠᠭᠠᠲᠤᠷ︶ ᠵᠢᠴᠢ ᠣᠷᠣᠰ ᠤᠨ ᠰᠢᠪᠧᠷᠢᠶ᠎ᠠ᠂ ᠬᠢᠶᠠᠭᠲᠤ᠂ ᠮᠣᠰᠺᠸᠠ ᠵᠡᠷᠭᠡ ᠭᠠᠵᠠᠷ ᠲᠤ ᠲᠦᠭᠡᠭᠰᠡᠨ ᠪᠠᠶᠢᠳᠠᠭ᠃ᠳ᠋ᠠ ᠱᠧᠩ ᠺᠦᠢ ᠥᠪ ᠬᠥᠷᠥᠩᠭᠡ ᠶᠡᠬᠡᠲᠡᠢ᠂ ᠴᠠᠭᠠᠨ ᠮᠥᠩᠭᠦ ᠪᠠᠷ 1 ᠳ᠋ᠦᠩᠰᠢᠭᠤᠷ ᠯᠠᠩ ᠢ ᠳᠠᠪᠠᠵᠤ᠂ 50 ᠯᠠᠩ ᠬᠦᠨᠳᠦ ᠮᠥᠩᠭᠦᠨ ᠶᠤᠸᠠᠮᠪᠤᠤ ᠪᠠᠷ ᠶᠡᠭᠡ ᠬᠦᠷᠢᠶ᠎ᠡ ᠠᠴᠠ ᠪᠡᠭᠡᠵᠢᠩ ᠬᠦᠷᠬᠦ ᠵᠠᠮ ᠢ ᠳᠡᠪᠢᠰᠴᠦ ᠳᠡᠶᠢᠯᠦᠨ᠎ᠡ ᠭᠡᠵᠦ ᠶᠠᠷᠢᠳᠠᠭ᠃ ᠳ᠋ᠠ ᠱᠧᠩ ᠺᠦᠢ ᠶᠢᠨ ᠬᠤᠳᠠᠯᠳᠤᠭ᠎ᠠ 3 ᠵᠢᠯ ᠳᠤ 1 ᠤᠳᠠᠭ᠎ᠠ ᠠᠰᠢᠭ ᠬᠤᠪᠢᠶᠠᠵᠤ᠂ ᠬᠥᠭᠵᠢᠨ ᠮᠠᠨᠳᠤᠭᠰᠠᠨ ᠦᠶ᠎ᠡ ᠳᠤ ᠣᠷᠣᠭᠤᠯᠤᠭᠰᠠᠨ ᠨᠢᠭᠡ ᠬᠤᠪᠢ ᠨᠢ 1 ᠲᠦᠮᠡ ᠭᠠᠷᠤᠢ ᠯᠠᠩ ᠮᠥᠩᠭᠦ ᠶᠢᠨ ᠠᠰᠢᠭ ᠣᠯᠳᠠᠭ᠃ ᠲᠡᠦᠬᠡᠨ ᠳᠡᠭᠡᠷ᠎ᠡ ᠳ᠋ᠡ ᠱᠧᠩ ᠺᠦᠢ ᠶᠢ ︽ᠪᠣᠭᠤᠮᠲᠠ ᠶᠢᠨ ᠭᠠᠳᠠᠨ᠎ᠠ ᠭᠤᠷᠪᠠᠨ ᠵᠠᠭᠤᠨ ᠵᠢᠯ ᠰᠠᠭᠤᠷᠢᠰᠢᠵᠤ᠂ ᠡᠸᠦ᠋ᠷᠦᠫᠡ ᠠᠽᠢᠶ᠎ᠠ ᠶᠢᠨ ᠶᠢᠰᠦᠨ ᠮᠢᠩᠭᠠᠨ ᠭᠠᠵᠠᠷ ᠢ ᠬᠥᠨᠳᠡᠯᠡᠨ ᠰᠤᠨᠳᠠᠯᠠᠵᠠᠢ︾ ᠭᠡᠵᠦ ᠦᠨᠡᠯᠡᠭᠰᠡᠨ ᠪᠠᠶᠢᠳᠠᠭ᠃ ᠲᠤᠬᠠᠢ ᠶᠢᠨ ᠦᠶ᠎ᠡ ᠳᠤ ᠪᠠᠰᠠ ︽ᠳ᠋ᠠ ᠱᠧᠩ ᠺᠦᠢ ᠬᠠᠭᠠᠰ ᠭᠦᠢᠬᠤᠸᠠ ᠬᠤᠳᠠ ᠲᠠᠢ ᠲᠡᠩᠴᠡᠨ᠎ᠡ︾ ᠭᠡᠵᠦ ᠮᠠᠭᠲᠠᠵᠤ ᠪᠠᠶᠢᠪᠠ᠃
6382778177615114429446907.png     
           ᠲᠤᠬᠠᠢ ᠶᠢᠨ ᠵᠢᠯ ᠤᠨ ᠭᠦᠢᠬᠤᠸᠠ ᠬᠤᠲᠠ ᠶᠢᠨ ᠬᠠᠭᠤᠴᠢᠨ ᠬᠤᠲᠠ ᠶᠢᠨ ᠬᠤᠶᠢᠲᠤ ᠵᠡᠭᠡᠯᠢ      ᠮᠠᠨ ᠤ ᠤᠯᠤᠰ ᠤᠨ ᠬᠠᠮᠤᠭ ᠡᠷᠲᠡ ᠢᠯᠡᠷᠡᠭᠰᠡᠨ ᠬᠤᠪᠢ ᠣᠷᠣᠭᠤᠯᠤᠭᠰᠠᠨ ᠠᠵᠤ ᠠᠬᠤᠶᠢᠯᠠᠯ      ᠨᠢᠭᠡ ᠳᠠᠮᠨᠠᠭᠤᠷ᠂ ᠬᠤᠶᠠᠷ ᠪᠠᠷᠠᠭᠠᠨ ᠤ ᠬᠠᠶᠢᠷᠴᠠᠭ᠂ ᠨᠢᠭᠡ ᠬᠡᠰᠡᠭ ᠴᠢᠯᠠᠭᠤ᠂ ᠨᠢᠭᠡ ᠠᠶᠠᠭ᠎ᠠ ᠰᠢᠩᠭᠡᠨ ᠪᠤᠳᠠᠭ᠎ᠠ ᠁ ᠡᠨᠡ ᠪᠣᠯ ᠳ᠋ᠠ ᠱᠧᠩ ᠺᠦᠢ ᠶᠢᠨ ᠳᠡᠭᠡᠳᠦᠰ ᠤᠨ ᠰᠦᠮ᠎ᠡ ᠶᠢᠨ ᠡᠮᠦᠨ᠎ᠡ ᠲᠠᠯᠪᠢᠭᠰᠠᠨ 4 ᠵᠦᠢᠯ ᠤᠨ ᠤᠯᠠᠮᠵᠢᠯᠠᠯᠲᠤ ᠡᠷᠳᠡᠨᠢ ᠪᠣᠯᠣᠨ᠎ᠠ᠃      ᠳ᠋ᠠ ᠱᠧᠩ ᠺᠦᠢ ᠪᠦᠷᠢᠨ ᠲᠡᠭᠦᠯᠳᠡᠷ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠦᠨᠡᠨᠴᠢ ᠢᠲᠡᠭᠡᠮᠵᠢᠲᠡᠢ ᠭᠡᠷ᠎ᠡ ᠪᠠᠷ ᠵᠣᠴᠢᠳ ᠤᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢᠨ ᠬᠠᠮᠲᠤ ᠨᠡᠶᠢᠭᠡᠮ ᠤᠨ ᠬᠠᠷᠢᠭᠤᠴᠠᠯᠭ᠎ᠠ ᠪᠠᠨ ᠦᠯᠦ ᠮᠠᠷᠲᠠᠵᠤ᠂ ᠲᠤᠬᠠᠢ ᠶᠢᠨ ᠭᠠᠵᠠᠷ ᠤᠨ ᠠᠷᠠᠳ ᠢᠷᠭᠡᠳ ᠲᠤ ᠬᠤᠪᠢ ᠨᠡᠮᠡᠷᠢ ᠦᠵᠡᠭᠦᠯᠦᠭᠰᠡᠨ ᠪᠠᠶᠢᠳᠠᠭ; ︽ᠨᠢᠭᠡ ᠬᠤᠪᠢ ᠡᠬᠡ ᠮᠥᠩᠭᠦ‍ ᠨᠢᠭᠡ ᠬᠤᠪᠢ ᠠᠰᠢᠭ︾ ᠢ ᠬᠡᠷᠡᠭᠵᠢᠭᠦᠯᠵᠦ᠂ ᠵᠣᠴᠢᠨ ᠤ ᠣᠷᠳᠣ ᠬᠤᠭᠤᠴᠠᠭ᠎ᠠ ᠥᠷᠢᠲᠦᠭᠰᠡᠨ ᠵᠣᠭᠤᠰ ᠢᠶᠠᠨ ᠪᠤᠴᠠᠭᠠᠵᠤ ᠳᠡᠶᠢᠯᠭᠦ ᠦᠭᠡᠢ ᠠᠴᠠ ᠪᠣᠯᠵᠤ ᠲᠥᠯᠥᠬᠦ ᠴᠢᠬᠤᠯᠠᠲᠠᠢ ᠥᠨᠳᠥᠷ ᠬᠦᠦ ᠮᠥᠩᠭᠦ ᠶᠢ ᠬᠡᠯᠲᠦᠷᠢᠭᠦᠯᠦᠭᠰᠡᠨ ᠢ ᠶᠡᠭᠡ ᠡᠭᠦᠳᠦᠯᠲᠡ ᠭᠡᠵᠦ ᠬᠡᠯᠡᠵᠦ ᠪᠣᠯᠣᠨ᠎ᠠ᠃      ᠲᠦᠮᠡᠨ ᠭᠠᠵᠠᠷ ᠤᠨ ᠴᠠᠢ ᠶᠢᠨ ᠵᠠᠮ ︵ᠳᠤᠮᠳᠠᠳᠤ ᠤᠯᠤᠰ︶ ᠤᠨ ᠬᠠᠮᠵᠢᠯᠴᠠᠬᠤ ᠴᠣᠭᠴᠠ ᠶᠢᠨ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠠᠯᠳᠠᠷᠲᠤ ᠵᠣᠬᠢᠶᠠᠯᠴᠢ ᠳ᠋ᠧᠩ ᠵᠢᠦ ᠭᠠᠩ ᠤᠨ ᠲᠠᠨᠢᠯᠴᠠᠭᠤᠯᠬᠤ ᠪᠠᠷ᠂ ᠳ᠋ᠠ ᠱᠧᠩ ᠺᠦᠢ ᠶᠢᠨ ᠤᠯᠠᠮᠵᠢᠯᠠᠭᠰᠠᠨ ᠬᠠᠮᠤᠭ ᠤᠨ ᠵᠠᠩᠭᠢᠯᠠᠭ᠎ᠠ ᠶᠢᠨ ︽ᠬᠤᠳᠠᠯᠳᠤᠭᠠᠨ ᠤ ᠵᠣᠷ︾ ᠪᠣᠯ ᠺᠤᠮᠫᠠᠨᠢ ᠶᠢᠨ ᠳᠦᠷᠢᠮ᠂ ᠬᠤᠪᠢ ᠣᠷᠣᠭᠤᠯᠬᠤ ᠳᠦᠷᠢᠮ᠂ ᠬᠤᠷᠰᠢᠬᠤ ᠳᠦᠷᠢᠮ ᠵᠡᠷᠭᠡ ᠠᠵᠤ ᠠᠬᠤᠶᠢᠯᠠᠯ ᠤᠨ ᠳᠦᠷᠢᠮ ᠵᠢᠴᠢ ᠬᠠᠮᠤᠭ ᠡᠷᠲᠡᠨ ᠤ ᠤᠯᠤᠰ ᠠᠯᠤᠰᠯᠠᠭᠰᠠᠨ ᠠᠷᠠᠯᠵᠢᠶᠠᠨ ᠤ ᠠᠩᠬᠠᠨ ᠤ ᠭᠡᠯᠪᠡᠷᠢ ᠪᠣᠯᠣᠨ᠎ᠠ᠃ ︽3 ᠠᠷᠠᠯᠵᠢᠶᠠᠴᠢᠨ ᠬᠤᠷᠰᠢᠭᠠᠳ ᠮᠠᠶᠢᠮᠠᠢ ᠬᠢᠭᠰᠡᠨ ᠠᠴᠠ ᠡᠬᠢᠯᠡᠨ᠂ ᠬᠤᠪᠢ ᠣᠷᠣᠭᠤᠯᠤᠭᠴᠢ ᠶᠢᠨ ᠳᠦᠷᠢᠮ ᠤᠨ ᠠᠩᠬᠠᠨ ᠤ ᠭᠡᠯᠪᠡᠷᠢ ᠶᠢ ᠪᠦᠷᠢᠯᠳᠦᠭᠦᠯᠵᠡᠢ᠂ ᠰᠡᠭᠦᠯᠡᠷ ᠨᠢ ᠬᠤᠪᠢ ᠣᠷᠣᠭᠤᠯᠤᠭᠴᠢ ᠶᠢᠨ ᠬᠤᠷᠠᠯ ᠤᠨ ᠳᠦᠷᠢᠮ ᠢ ᠪᠦᠷᠢᠯᠳᠦᠭᠦᠯᠵᠦ᠂ ᠮᠠᠨ ᠤ ᠤᠯᠤᠰ ᠤᠨ ᠬᠠᠮᠤᠭ ᠤᠨ ᠡᠷᠲᠡ ᠢᠯᠡᠷᠡᠭᠰᠡᠨ ᠬᠤᠪᠢ ᠣᠷᠣᠭᠤᠯᠤᠭᠰᠠᠨ ᠠᠵᠤ ᠠᠬᠤᠶᠢᠯᠠᠯ ᠭᠡᠵᠦ ᠬᠡᠯᠡᠵᠦ ᠪᠣᠯᠣᠨ᠎ᠠ᠂ ᠭᠠᠳᠠᠭᠠᠳᠤ ᠶᠢᠨ ᠬᠢ ᠠᠴᠠ 200 ᠭᠠᠷᠤᠢ ᠵᠢᠯ ᠡᠷᠲᠡ ᠪᠣᠯᠵᠤ᠂ ᠭᠦᠨᠵᠡᠭᠡᠢ ᠰᠤᠳᠤᠯᠤᠭᠤᠰᠢᠲᠠᠢ︾ ᠭᠡᠨ᠎ᠡ᠃      ᠳ᠋ᠠ ᠱᠧᠩ ᠺᠦᠢ ᠦᠢᠯᠡᠰ ᠪᠣᠰᠬᠠᠭᠰᠠᠨ ᠡᠬᠢᠨ ᠤ ᠦᠶ᠎ᠡ ᠳᠡᠭᠡᠨ ︽ᠬᠥᠮᠥᠨ ᠤ ᠬᠦᠴᠦᠨ ᠤ ᠬᠤᠪᠢ︾ ︵ᠠᠵᠤ ᠠᠬᠤᠶᠢᠯᠠᠯ ᠤᠨ ᠭᠤᠣᠯᠯᠠᠭᠴᠢ ᠬᠦᠴᠦᠨ ᠬᠤᠪᠢ ᠣᠷᠣᠭᠤᠯᠬᠤ︶ ᠪᠠᠷ ᠰᠠᠭᠤᠷᠢ ᠪᠣᠯᠭᠠᠨ᠂ ︽ᠡᠳ᠋ ᠤᠨ ᠡᠵᠡᠨ ᠤ ᠬᠤᠪᠢ︾ ︵ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠩᠬᠠᠨ ᠤ ᠳᠦᠷᠰᠦ︶᠂ ︽ᠡᠭᠦᠷᠢᠳᠡ ᠶᠢᠨ ᠬᠤᠪᠢ︾ ︵3 ᠡᠭᠦᠰᠬᠡᠨ ᠪᠠᠶᠢᠭᠤᠯᠤᠭᠴᠢ ᠬᠤᠪᠢ ᠣᠷᠣᠭᠤᠯᠬᠤ︶ ᠵᠡᠷᠭᠡ ᠶᠢ ᠤᠶᠠᠯᠳᠤᠭᠤᠯᠤᠭᠰᠠᠨ ᠤᠯᠠᠨ ᠭᠡᠯᠪᠡᠷᠢ ᠶᠢᠨ ᠬᠤᠪᠢ ᠣᠷᠣᠭᠤᠯᠬᠤ ᠳᠦᠷᠢᠮ ᠢ ᠪᠠᠶᠢᠭᠤᠯᠤᠭᠰᠠᠨ ᠶᠤᠮ᠃ ᠪᠦᠭᠦᠶᠢᠯᠡ ᠬᠤᠳᠠᠯᠳᠤᠭᠠᠨ ᠤ ᠫᠦᠰᠡ ᠶᠢᠨ ᠳᠦᠷᠢᠮ ᠲᠣᠭᠲᠠᠭᠠᠯ ᠳᠤ ᠵᠢᠯ ᠪᠦᠷᠢ ᠨᠢᠭᠡ ᠪᠦᠯᠦᠭ ᠠᠰᠢᠭ ᠣᠷᠣᠯᠭ᠎ᠠ ᠶᠢ ᠡᠳ᠋ ᠤᠨ ᠡᠵᠡᠨ ᠤ ᠲᠦᠭᠰᠢᠭᠦᠷᠢ ᠶᠢᠨ ᠮᠥᠩᠭᠦ ᠪᠣᠯᠭᠠᠨ᠎ᠠ᠂ ᠡᠭᠦᠰᠬᠡᠨ ᠪᠠᠶᠢᠭᠤᠯᠤᠭᠴᠢ ᠵᠥᠪᠭᠡᠨ 3 ᠵᠢᠯ ᠳᠤ ᠨᠢᠭᠡ ᠤᠳᠠᠭ᠎ᠠ ᠠᠰᠢᠭ ᠬᠤᠪᠢᠶᠠᠳᠠᠭ ᠬᠤᠪᠢ ᠨᠡᠮᠡᠷᠢ ᠶᠢᠨ ᠬᠤᠪᠢ ᠶᠢ ᠣᠯᠣᠨ᠎ᠠ᠂ ᠱᠠᠪᠢ ᠠᠵᠢᠯᠴᠢᠨ ᠴᠢᠳᠠᠪᠤᠷᠢ ᠶᠢᠨ ᠶᠡᠭᠡ ᠪᠠᠭ᠎ᠠ ᠪᠠᠨ ᠦᠨᠳᠦᠰᠦᠯᠡᠨ ᠬᠤᠪᠢ ᠨᠡᠮᠡᠷᠢ ᠶᠢᠨ ᠬᠤᠪᠢ ᠶᠢ ᠬᠤᠪᠢᠶᠠᠵᠤ ᠣᠯᠣᠨ᠎ᠠ᠂ ᠡᠨᠡ ᠨᠢ ᠮᠥᠨ ᠴᠦ ᠣᠲᠣ ᠦᠶ᠎ᠡ ᠶᠢᠨ ᠠᠵᠤ ᠠᠬᠤᠶᠢᠯᠠᠯ ᠳᠠᠬᠢ ︽ᠠᠵᠢᠯᠲᠠᠨ ᠠᠵᠢᠯᠴᠢᠨ ᠤ ᠬᠤᠪᠢ ᠣᠷᠣᠭᠤᠯᠬᠤ ᠳᠦᠷᠢᠮ︾ ᠪᠣᠯᠣᠨ᠎ᠠ᠃      ᠳ᠋ᠠ ᠱᠧᠩ ᠺᠦᠢ ᠶᠢᠨ 270 ᠵᠢᠯ ᠬᠥᠭᠵᠢᠨ ᠪᠠᠳᠠᠷᠠᠭᠰᠠᠨ ᠨᠢ ᠠᠵᠢᠯᠴᠢ ᠪᠣᠷᠣᠭᠵᠢᠭᠤᠨ᠂ ᠦᠨᠡᠨᠴᠢ ᠨᠠᠶᠢᠳᠠᠪᠤᠷᠢᠲᠠᠢ᠂ ᠰᠢᠨ᠎ᠡ ᠶᠢ ᠡᠭᠦᠳᠬᠦ ᠤᠯᠠᠮᠵᠢᠯᠠᠯ  ᠯᠤᠭ᠎ᠠ ᠰᠠᠯᠤᠰᠢ ᠦᠭᠡᠢ᠃ 3 ᠡᠭᠦᠰᠬᠡᠨ ᠪᠠᠶᠢᠭᠤᠯᠤᠭᠴᠢ ᠬᠤᠶᠢᠨ᠎ᠠ ᠬᠤᠶᠢᠨ᠎ᠠ ᠠᠴᠠ ᠪᠠᠨ ᠨᠠᠰᠤ ᠪᠠᠷᠠᠬᠤ ᠦᠶ᠎ᠡ ᠳᠤ ᠲᠡᠳᠡ ᠬᠠᠷᠢ ᠣᠪᠣᠭᠲᠠᠨ ᠤ ᠬᠥᠮᠥᠨ ᠬᠤᠳᠠᠯᠳᠤᠭᠠᠨ ᠤ ᠫᠦᠰᠡ ᠶᠢ ᠵᠠᠯᠭᠠᠮᠵᠢᠯᠠᠨ ᠡᠵᠡᠩᠨᠡᠬᠦ ᠵᠠᠮ ᠢ ᠨᠡᠭᠡᠭᠡᠵᠡᠢ᠃ ᠳ᠋ᠠ ᠱᠧᠩ ᠺᠦᠢ ᠸᠠᠩ᠂ ᠱᠢ᠂ ᠵᠠᠩ ᠣᠪᠣᠭ ᠲᠠᠢ ᠪᠢᠰᠢ᠂ ᠬᠠᠷᠢᠨ ︽ᠳ᠋ᠠ︵ᠶᠡᠭᠡ︶︾ ᠣᠪᠣᠭ ᠲᠠᠢ ᠶᠤᠮ᠃ ᠲᠡᠦᠬᠡᠨ ᠳᠡᠭᠡᠷ᠎ᠡ᠂ ᠳ᠋ᠠ ᠱᠧᠩ ᠺᠦᠢ ᠶᠢᠨ ᠶᠡᠭᠡ ᠵᠠᠩᠭᠤᠶᠢᠳᠠ ᠪᠣᠯ ᠪᠦᠷ ᠬᠤᠳᠠᠯᠳᠤᠭᠠᠨ ᠤ ᠭᠠᠶᠢᠬᠠᠮᠰᠢᠭᠲᠤ ᠴᠢᠳᠠᠪᠤᠷᠢᠲᠠᠨ ᠪᠣᠯᠣᠨ᠎ᠠ᠂ ᠱᠠᠨ ᠰᠢ ᠶᠢᠨ ᠶᠢᠤ ᠢᠦᠢ ᠶᠢᠨ ᠱᠦᠷᠭᠡᠢ ᠬᠠᠭᠠᠯᠭ᠎ᠠ ᠶᠢᠨ ᠬᠥᠮᠥᠨ ᠪᠤᠯᠬᠤ ᠴᠢᠨ ᠶᠤᠸᠠᠢ ᠶᠡᠭᠡ ᠵᠠᠩᠭᠤᠶᠢᠳᠠ ᠶᠢᠨ ᠲᠤᠰᠢᠶᠠᠯ ᠢ ᠬᠠᠷᠢᠭᠤᠴᠠᠬᠤ ᠦᠶᠡᠰ ᠭᠠᠮᠰᠢᠭ ᠲᠤ ᠳᠠᠭᠠᠷᠢᠬᠳᠠᠬᠰᠠᠨ ᠮᠠᠯᠴᠢᠳ ᠢ ᠠᠪᠤᠷᠠᠨ ᠲᠤᠰᠠᠯᠠᠵᠤ᠂ ᠮᠠᠯᠴᠢᠳ ᠲᠤ ᠬᠠᠭᠤᠷᠠᠢ ᠡᠪᠡᠰᠦ ᠬᠠᠩᠭᠠᠨ᠂ ᠳ᠋ᠠ ᠱᠧᠩ ᠺᠦᠢ ᠶᠢᠨ ᠵᠣᠬᠢᠶᠠᠨ ᠪᠠᠶᠢᠭᠤᠯᠤᠯᠲᠠ᠂ ᠳᠦᠷᠢᠮ ᠲᠣᠭᠲᠠᠭᠠᠯ᠂ ᠡᠵᠡᠩᠨᠡᠯᠲᠡ᠂ ᠬᠠᠮᠢᠶᠠᠷᠤᠯᠲᠠ ᠵᠡᠷᠭᠡ ᠡᠯ᠎ᠡ ᠲᠠᠯ᠎ᠠ ᠪᠠᠷ ᠯᠤᠲᠤ ᠶᠡᠭᠡ ᠬᠤᠪᠢ ᠨᠡᠮᠡᠷᠢ ᠦᠵᠡᠭᠦᠯᠵᠡᠢ
6382778198883163347319134.jpg     
      ᠳ᠋ᠠ ᠱᠧᠩ ᠺᠦᠢ ᠶᠢᠨ ᠮᠦᠽᠧᠢ ᠶᠢᠨ ᠭᠠᠳᠠᠨᠠᠬᠢ ᠦᠵᠡᠮᠵᠢ      ᠬᠠᠷᠢᠯᠴᠠᠨ ᠠᠭᠤᠰᠤᠯᠴᠠᠵᠤ ᠬᠠᠷᠢᠯᠴᠠᠨ ᠲᠣᠯᠢᠯᠠᠬᠤ ᠲᠠᠪᠴᠠᠩ ᠪᠠᠶᠢᠭᠤᠯᠵᠠᠢ      ᠳ᠋ᠠ ᠱᠧᠩ ᠺᠦᠢ ᠶᠢᠨ ᠬᠥᠭᠵᠢᠯᠲᠡ ᠶᠢ ᠳᠠᠭᠠᠯᠳᠤᠨ᠂ ᠲᠡᠭᠦᠨ ᠤ ᠠᠷᠠᠯᠵᠢᠶ᠎ᠠ ᠬᠤᠳᠠᠯᠳᠤᠭ᠎ᠠ ᠲᠠᠢ ᠰᠠᠯᠤᠰᠢ ᠦᠭᠡᠢ ᠬᠤᠯᠪᠤᠭ᠎ᠠ ᠲᠠᠢ ᠲᠡᠮᠡᠭᠡᠨ ᠲᠡᠭᠡᠭᠡᠪᠦᠷᠢ ᠴᠦ ᠠᠭᠠᠵᠢᠮ ᠢᠶᠠᠷ ᠬᠥᠭᠵᠢᠨ ᠴᠡᠴᠡᠭᠯᠡᠭᠰᠡᠨ ᠪᠠᠶᠢᠨ᠎ᠠ᠃      ᠭᠦᠢᠬᠤᠸᠠ ᠬᠤᠲᠠ ᠳᠤ ᠲᠤᠰᠬᠠᠢ ᠲᠡᠮᠡᠭᠡᠨ ᠵᠢᠩ᠂ ᠵᠢᠩᠴᠢᠨ ᠪᠠᠶᠢᠬᠤ ᠪᠠᠷ ᠪᠠᠷᠠᠬᠤ ᠦᠭᠡᠢ᠂ ᠪᠠᠰᠠ ᠶᠠᠪᠤᠭᠤᠯ ᠬᠤᠳᠠᠯᠳᠤᠭᠠᠴᠢᠨ ᠪᠣᠯᠣᠨ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠲᠡᠮᠡᠭᠡᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠪᠠᠶᠢᠳᠠᠭ᠂ ᠵᠢᠱᠢᠶᠡᠯᠡᠪᠡᠯ ᠳ᠋ᠡ ᠱᠧᠩ ᠺᠦᠢ᠂ ᠰᠢᠩ ᠱᠧᠩ ᠺᠦᠢ ᠵᠡᠷᠭᠡ ᠲᠣᠮᠣ ᠬᠤᠳᠠᠯᠳᠤᠭᠠᠨ ᠤ ᠫᠦᠰᠡ ᠥᠪᠡᠷ ᠤᠨ ᠲᠡᠮᠡᠭᠡᠨ ᠵᠢᠩ ᠲᠠᠢ ᠪᠠᠶᠢᠳᠠᠭ᠃ ᠨᠠᠶᠢᠷᠠᠯᠲᠤ ᠲᠥᠪ ᠤᠨ ᠦᠶ᠎ᠡ ᠪᠤᠯᠬᠤ ᠳᠤ ᠲᠡᠮᠡᠭᠡᠨ ᠲᠡᠭᠡᠭᠡᠪᠦᠷᠢ ᠨᠢ ᠨᠢᠭᠡᠨᠲᠡ ᠮᠣᠩᠭᠤᠯ ᠣᠷᠣᠨ ᠳᠠᠬᠢ ᠶᠠᠪᠤᠭᠤᠯ ᠬᠤᠳᠠᠯᠳᠤᠭᠠᠴᠢᠨ ᠵᠢᠴᠢ ᠪᠠᠷᠠᠭᠤᠨ ᠬᠤᠶᠢᠲᠤ ᠣᠷᠣᠨ ᠤ ᠠᠷᠠᠯᠵᠢᠶᠠᠨ ᠤ ᠲᠡᠭᠡᠭᠡᠪᠦᠷᠢ ᠶᠢᠨ ᠬᠠᠮᠤᠭ ᠴᠢᠬᠤᠯᠠ ᠲᠡᠭᠡᠭᠡᠪᠦᠷᠢ ᠶᠢᠨ ᠭᠡᠯᠪᠡᠷᠢ ᠪᠣᠯᠤᠭᠰᠠᠨ ᠪᠠᠶᠢᠨ᠎ᠠ᠃      ᠠᠯᠳᠠᠷᠲᠤ ᠲᠡᠦᠬᠡ ᠣᠶᠢᠯᠠᠯᠭ᠎ᠠ ᠶᠢᠨ ᠡᠷᠳᠡᠮᠲᠡᠨ ᠯᠢᠦ ᠶᠢᠩ ᠶᠤᠸᠠᠨ ᠠᠪᠤᠭᠠᠢ ᠶᠢᠨ ᠲᠡᠮᠳᠡᠭᠯᠡᠭᠰᠡᠨ ᠢᠶᠠᠷ᠂ ᠭᠦᠭᠡᠬᠤᠲᠠ ᠴᠢᠩ ᠤᠯᠤᠰ ᠤᠨ ᠨᠢᠭᠡ ᠬᠡᠰᠡᠭ ᠬᠤᠭᠤᠴᠠᠭᠠᠨ ᠳᠤ 16 ᠲᠦᠮᠡᠨ ᠲᠡᠮᠡᠭᠡ ᠲᠠᠢ ᠪᠠᠶᠢᠵᠠᠢ᠂ ᠡᠨᠡ ᠬᠦ ᠲᠤᠭ᠎ᠠ ᠪᠠᠷᠢᠮᠲᠠ ᠨᠢ ᠯᠤᠲᠤ ᠶᠡᠭᠡ ᠲᠡᠭᠡᠭᠡᠪᠦᠷᠢ ᠶᠢᠨ ᠬᠦᠴᠦᠨ ᠢ ᠬᠠᠷᠠᠭᠤᠯᠵᠤ ᠪᠠᠶᠢᠨ᠎ᠠ᠃ ᠠᠯᠳᠠᠷᠲᠤ ᠲᠡᠦᠬᠡᠴᠢᠨ ᠯᠦ ᠮᠢᠩ ᠬᠤᠢ ᠠᠪᠤᠭᠠᠢ ᠵᠣᠬᠢᠶᠠᠯ ᠳᠠᠭᠠᠨ ᠭᠦᠢᠬᠤᠸᠠ ᠬᠤᠲᠠ ᠴᠢᠩ ᠤᠯᠤᠰ ᠤᠨ ᠨᠢᠭᠡ ᠬᠡᠰᠡᠭ ᠬᠤᠭᠤᠴᠠᠭᠠᠨ ᠳᠤ 20 ᠲᠦᠮᠡᠨ ᠲᠡᠮᠡᠭᠡ ᠲᠠᠢ ᠪᠠᠶᠢᠵᠠᠢ ᠭᠡᠵᠦ ᠲᠡᠮᠳᠡᠭᠯᠡᠭᠰᠡᠨ ᠪᠠᠶᠢᠳᠠᠭ᠃      ᠲᠤᠰᠬᠠᠢ ᠲᠡᠮᠡᠭᠡᠨ ᠲᠡᠭᠡᠭᠡᠪᠦᠷᠢ ᠡᠵᠡᠩᠨᠡᠵᠦ ᠪᠠᠶᠢᠭᠰᠠᠨ ᠫᠦᠰᠡ ᠶᠢᠨ ᠳᠣᠲᠣᠷ᠎ᠠ ᠸᠠᠨ ᠱᠧᠩ ᠲᠠᠢ᠂ ᠴᠠᠩ ᠱᠧᠩ ᠶᠤᠸᠠᠨ᠂ ᠢ ᠾᠧ ᠷᠦᠩ᠂ ᠶᠤᠸᠠᠨ ᠱᠧᠩ ᠴᠠᠩ᠂ ᠰᠢᠩ ᠱᠧᠩ ᠢ ᠴᠠᠩ ᠷᠦᠢ᠂ ᠹᠦ᠋ ᠳ᠋ᠧ ᠲᠠᠩ᠂ ᠾᠧ ᠱᠧᠩ ᠭᠦᠩ᠂ ᠹᠦ᠋ ᠱᠧᠩ ᠺᠦᠢ᠂ ᠸᠠᠨ ᠶᠢᠤ ᠲᠠᠩ᠂ ᠳ᠋ᠧ ᠾᠧᠦ ᠲᠠᠩ᠂ ᠭᠦᠶ ᠶᠤᠸᠠᠨ ᠲᠠᠩ ᠵᠡᠷᠭᠡ ᠪᠤᠶ᠃ ᠡᠳᠡᠭᠡᠷ ᠫᠦᠰᠡ ᠪᠦᠷᠢ ᠠᠷᠪᠢᠨ ᠳᠠᠭᠠᠨ ᠳᠣᠯᠤᠭ᠎ᠠ ᠨᠠᠢᠮᠠᠨ ᠵᠠᠭᠤ ᠠᠴᠠ ᠬᠡᠳᠦᠨ ᠮᠢᠩᠭᠠᠨ ᠲᠡᠮᠡᠭᠡ ᠲᠠᠢ ᠪᠠᠶᠢᠵᠤ᠂ ᠪᠠᠭ᠎ᠠ ᠳᠠᠭᠠᠨ ᠵᠠᠭᠤ ᠭᠠᠷᠤᠢ ᠠᠴᠠ ᠬᠤᠶᠠᠷ ᠭᠤᠷᠪᠠᠨ ᠵᠠᠭᠤᠨ ᠲᠡᠮᠡᠭᠡ ᠲᠠᠢ ᠪᠠᠶᠢᠪᠠ᠃ ᠪᠠᠰᠠ ᠤᠯᠠᠨ ᠬᠤᠳᠠᠯᠳᠤᠭᠠᠨ ᠤ ᠫᠦᠰᠡ ᠬᠤᠯᠪᠤᠭᠠᠯᠠᠨ ᠲᠡᠮᠡᠭᠡᠨ ᠲᠡᠭᠡᠭᠡᠪᠦᠷᠢ ᠶᠢᠨ ᠡᠪᠯᠡᠯ ᠪᠠᠶᠢᠭᠤᠯᠤᠭᠠᠳ᠂ ᠵᠢᠢ ᠶᠢᠨ ᠬᠤᠷᠢᠶ᠎ᠠ ᠭᠡᠵᠦ ᠨᠡᠷᠡᠶᠢᠳᠴᠡᠢ᠃ ᠲᠡᠮᠡᠭᠡᠨ ᠵᠢᠩ ᠤᠨ ᠴᠤᠪᠤᠭ᠎ᠠ ᠶᠢ ᠪᠣᠯᠪᠠᠰᠤᠷᠠᠯ ᠰᠠᠶᠢᠲᠠᠢ ᠵᠢᠩᠴᠢᠨ ᠳᠠᠭᠠᠭᠤᠯᠵᠤ ᠶᠠᠪᠤᠳᠠᠭ᠂ ᠡᠨᠡ  ᠨᠢ ᠳᠠᠷᠤᠢ ᠥᠪᠡᠷᠮᠢᠴᠡ ᠣᠨᠴᠠᠯᠢᠭ ᠲᠠᠢ ᠵᠢᠩᠴᠢᠨ ᠤ ᠲᠦᠷᠦᠭᠦᠦ ᠪᠣᠯᠣᠨ᠎ᠠ᠃ 8 ᠵᠢᠯ ᠬᠠᠳᠠᠭᠠᠯᠠᠭᠰᠠᠨ ᠳ᠋ᠠ ᠱᠧᠩ ᠺᠦᠢ ᠠᠷᠢᠬᠢ ︽ᠵᠢᠩᠴᠢᠨ ᠤ ᠲᠦᠷᠦᠭᠦᠦ  ᠶᠢᠨ ᠠᠷᠢᠬᠢ︾ ᠬᠡᠮᠡᠭᠳᠡᠵᠦ ᠣᠳᠣ ᠭᠦᠷᠲᠡᠯ᠎ᠡ ᠤᠯᠠᠮᠵᠢᠯᠠᠭᠳᠠᠵᠠᠢ᠃      ᠲᠡᠮᠡᠭᠡᠨ ᠵᠢᠩ ᠠᠭᠤᠯᠠ ᠳᠠᠪᠠᠵᠤ ᠤᠰᠤ ᠭᠡᠲᠦᠯᠦᠨ᠂ ᠨᠤᠲᠤᠭ ᠤᠰᠤ ᠠᠴᠠ ᠪᠠᠨ ᠰᠠᠯᠵᠤ᠂ ᠵᠠᠬ᠎ᠠ ᠳᠡᠯᠭᠡᠭᠦᠷ ᠢᠶᠠᠷ ᠲᠣᠭᠤᠷᠢᠵᠤ ᠶᠠᠪᠤᠳᠠᠭ᠃ ᠲᠡᠳᠡ ᠲᠦᠮᠡᠨ ᠭᠠᠵᠠᠷ ᠤᠨ ᠴᠠᠢ ᠶᠢᠨ ᠵᠠᠮ ᠢᠶᠠᠷ ᠨᠠᠭᠠᠰᠢ ᠴᠠᠭᠠᠰᠢ ᠵᠣᠷᠴᠢᠨ᠂ ᠭᠤᠪᠢ ᠶᠢᠨ ᠠᠷᠤ ᠳᠤ ᠵᠢᠳᠬᠦᠨ ᠲᠡᠮᠡᠦᠯᠵᠦ᠂ ︽ᠦᠨᠡᠨᠴᠢ ᠨᠠᠶᠢᠳᠠᠪᠤᠷᠢᠲᠠᠢ᠂ ᠵᠢᠷᠤᠮ ᠠᠰᠢᠭ ᠢ ᠵᠡᠷᠭᠡ ᠪᠠᠷ ᠡᠷᠭᠢᠮᠯᠡᠭᠦ︾ ᠬᠤᠳᠠᠯᠳᠤᠭᠠᠨ ᠤ ᠵᠣᠷᠢᠭ ᠰᠠᠨᠠᠭ᠎ᠠ ᠪᠠᠷ ᠬᠦᠴᠦᠷᠬᠡᠭᠵᠢᠨ᠂ ︽ᠦᠨᠡᠨᠴᠢ ᠨᠠᠶᠢᠳᠠᠪᠤᠷᠢᠲᠠᠢ ᠠᠰᠢᠭ︾ ᠢ ᠳᠤᠮᠳᠠᠳᠤ ᠶᠢᠨ ᠬᠤᠳᠠᠯᠳᠤᠭᠠᠴᠢᠨ ᠤ ᠨᠡᠷᠡᠲᠦ ᠲᠡᠮᠳᠡᠭ ᠪᠤᠯᠭᠠᠵᠤ᠂ ᠳᠤᠮᠳᠠᠳᠤ ᠶᠢᠨ ᠬᠤᠳᠠᠯᠳᠤᠭᠠᠴᠢᠨ ᠤ ᠣᠶᠤᠨ ᠰᠠᠨᠠᠭᠠᠨ ᠤ ᠰᠦᠭ ᠰᠦᠨᠡᠰᠦ ᠶᠢ ᠴᠣᠭᠴᠠᠯᠠᠭᠰᠠᠨ ᠪᠠᠶᠢᠨ᠎ᠠ᠃      ᠲᠡᠮᠡᠭᠡᠨ ᠵᠢᠩ ᠤᠨ ᠬᠤᠳᠠᠯᠳᠤᠭᠠᠨ ᠤ ᠠᠩᠭᠢ ᠶᠢᠨ ᠪᠠᠰᠠ ᠨᠢᠭᠡ ᠵᠠᠩᠭᠢᠯᠠᠭ᠎ᠠ ᠶᠢᠨ ᠬᠤᠪᠢ ᠨᠡᠮᠡᠷᠢ ᠪᠣᠯ ᠳᠠᠷᠤᠢ ᠦᠨᠳᠦᠰᠦᠲᠡᠨ ᠨᠦᠭᠦᠳ ᠭᠠᠷ ᠬᠤᠯᠪᠣᠨ ᠮᠥᠷᠥ ᠵᠡᠷᠭᠡᠴᠡᠵᠦ᠂ ᠨᠠᠷᠢᠨ ᠬᠢᠨᠠᠮᠠᠭᠠᠢ ᠡᠵᠡᠩᠨᠡᠭᠰᠡᠨ ᠶᠠᠪᠤᠳᠠᠯ ᠪᠣᠯᠣᠨ᠎ᠠ᠃ ᠳᠤᠮᠳᠠᠳᠤ ᠶᠢᠨ ᠬᠤᠳᠠᠯᠳᠤᠭᠠᠴᠢᠨ ᠣᠯᠠᠨ ᠤᠯᠤᠰ ᠤᠨ ᠬᠤᠳᠠᠯᠳᠤᠭᠠᠨ ᠤ ᠵᠠᠮ ᠢ ᠨᠡᠭᠡᠭᠡᠵᠦ᠂ ᠡᠯ᠎ᠡ ᠦᠨᠳᠦᠰᠦᠲᠡᠨ ᠢᠲᠡᠭᠡᠯ ᠨᠠᠶᠢᠳᠠᠪᠤᠷᠢ ᠶᠢ ᠡᠷᠬᠢᠮᠯᠡᠨ᠂ ᠲᠥᠷᠥ ᠶᠢᠨ ᠪᠣᠳᠣᠯᠭ᠎ᠠ ᠨᠢ ᠠᠷᠠᠳ ᠢ ᠳᠣᠲᠣᠨᠣᠴᠢᠯᠠᠵᠤ᠂ ᠦᠨᠡᠨᠴᠢ ᠰᠢᠳᠤᠷᠭᠤ ᠶᠢ ᠡᠷᠬᠢᠮᠯᠡᠭᠰᠡᠨ ᠪᠠᠶᠢᠳᠠᠭ᠃ ᠭᠡᠷ᠎ᠡ ᠶᠢᠨ ᠵᠣᠷᠢᠭ ᠰᠠᠨᠠᠭ᠎ᠠ ᠶᠢ ᠡᠷᠭᠢᠮᠯᠡᠭᠦ ᠪᠣᠯ ᠰᠠᠶ᠋ᠢ ᠠᠷᠠᠯᠵᠢᠶ᠎ᠠ ᠬᠢᠬᠦ ᠶᠢᠨ ᠬᠠᠮᠤᠭ ᠰᠠᠶᠢᠨ ᠵᠠᠮ ᠮᠥᠨ᠃      ᠳ᠋ᠠ ᠱᠧᠩ ᠺᠦᠢ ᠶᠢᠨ ᠵᠠᠩᠭᠤᠶᠢᠳᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠬᠥᠮᠥᠨ ᠪᠣᠯᠣᠨ ᠠᠵᠢᠯᠲᠠᠨ ᠤ ᠳᠣᠲᠣᠷ᠎ᠠ ᠴᠢ ᠰᠢᠶᠠᠨ ᠤ ᠬᠥᠮᠥᠨ ᠬᠠᠮᠤᠭ ᠤᠯᠠᠨ ᠪᠠᠶᠢᠵᠠᠢ᠃ ᠲᠤᠬᠠᠢ ᠶᠢᠨ ᠵᠢᠯ ᠳᠤ ᠭᠦᠢᠬᠤᠸᠠ ᠬᠤᠲᠠ ᠳᠤ ᠲᠥᠯᠥᠭᠡᠯᠡᠬᠦ ᠴᠢᠨᠠᠷᠲᠠᠢ ᠲᠡᠮᠡᠭᠡᠨ ᠲᠣᠰᠬᠤᠨ ᠲᠠᠢ ᠪᠠᠶᠢᠵᠤ᠂ ᠲᠡᠮᠡᠭᠡ ᠮᠠᠯᠵᠢᠳᠠᠭ᠂ ᠲᠡᠮᠡᠭᠡ ᠬᠥᠲᠥᠯᠳᠡᠭ ᠬᠥᠮᠥᠰ ᠴᠤᠭᠯᠠᠷᠠᠵᠠᠢ᠂ ᠴᠢ ᠰᠢᠶᠠᠨ ᠳᠤ ᠪᠠᠰᠠ ᠳᠡᠯᠡᠬᠡᠢ ᠳᠤ ᠠᠯᠳᠠᠷᠲᠠᠢ ᠲᠡᠮᠡᠭᠡᠨ ᠲᠣᠰᠬᠤᠨ ᠲᠠᠢ ᠪᠠᠶᠢᠪᠠ᠃ ᠣᠳᠣ ᠶᠢᠨ ᠭᠦᠭᠡᠬᠤᠲᠠ ᠶᠢᠨ ᠬᠠᠭᠤᠴᠢᠨ ᠬᠤᠲᠠ ᠳᠤ ᠱᠠᠨ ᠰᠢ ᠶᠢᠨ ᠵᠣᠭᠤᠰᠤᠨ ᠫᠦᠰᠡ ᠶᠢᠨ ᠬᠤᠪᠢᠶᠠᠷᠢ ᠫᠦᠰᠡ ᠪᠤᠯᠬᠤ ︽ᠿᠢ ᠱᠧᠩ ᠴᠠᠩ︾ ᠤᠨ ᠤᠯᠠ ᠮᠥᠷ ᠬᠠᠷᠠᠭᠳᠠᠨ᠎ᠠ᠂ ᠮᠣᠩᠭᠤᠯ ᠣᠷᠣᠨ ᠳᠠᠬᠢ ᠶᠠᠪᠤᠭᠤᠯ ᠬᠤᠳᠠᠯᠳᠤᠭᠠᠴᠢᠨ ᠤ ᠡᠭᠦᠳᠦᠭᠰᠡᠨ ︽ᠭᠤᠷᠪᠠᠨ ᠶᠡᠭᠡ ᠫᠦᠰᠡ︾ ᠪᠤᠯᠬᠤ ᠳ᠋ᠡ ᠱᠧᠩ ᠺᠦᠢ᠂ ᠶᠤᠸᠠᠨ ᠱᠧᠩ ᠳ᠋ᠧ᠂ ᠲᠢᠶᠠᠨ ᠢ ᠳ᠋ᠧ ᠶᠢᠨ ᠤᠯᠠ ᠮᠥᠷ ᠢ ᠣᠯᠵᠤ ᠬᠠᠷᠠᠬᠤ ᠨᠢ ᠶᠠᠷᠢᠶᠠᠨ ᠦᠭᠡᠢ᠃      ᠳᠤᠮᠳᠠᠳᠤ ᠤᠯᠤᠰ ᠤᠨ ᠬᠤᠳᠠᠯᠳᠤᠭᠠᠨ ᠤ ᠲᠡᠦᠬᠡ ᠶᠢᠨ ᠰᠤᠳᠤᠯᠭᠠᠨ ᠤ ᠨᠡᠶᠢᠭᠡᠮᠯᠢᠭ ᠤᠨ ᠳᠡᠳ᠋ ᠳᠠᠷᠤᠭ᠎ᠠ᠂ ᠲᠦᠮᠡᠨ ᠭᠠᠵᠠᠷ ᠤᠨ ᠴᠠᠢ ᠶᠢᠨ ᠵᠠᠮ ᠤᠨ ᠲᠤᠰᠬᠠᠢ ᠵᠥᠪᠯᠡᠯ ᠤᠨ ᠡᠷᠭᠢᠯᠡᠭᠴᠢ ᠵᠠᠩ ᠸᠧᠢ ᠳ᠋ᠦᠩ ᠤᠨ ᠬᠡᠯᠡᠬᠦ ᠪᠠᠷ᠂ ᠳ᠋ᠠ ᠱᠧᠩ ᠺᠦᠢ ᠪᠠᠷ ᠲᠥᠯᠥᠭᠡᠯᠡᠭᠦᠯᠦᠭᠰᠡᠨ ᠳᠤᠮᠳᠠᠳᠤ ᠤᠯᠤᠰ ᠤᠨ ᠬᠤᠳᠠᠯᠳᠤᠭᠠᠴᠢᠨ ᠳᠤᠮᠳᠠᠳᠤ ᠤᠯᠤᠰ ᠤᠨ ᠴᠠᠢ ᠶᠢᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ ᠴᠢᠨᠠᠭᠰᠢᠯᠠᠪᠠᠯ ᠴᠠᠢ ᠶᠢᠨ ᠠᠵᠤ ᠦᠢᠯᠡᠰ ᠤᠨ ᠬᠥᠭᠵᠢᠯᠲᠡ ᠳᠤ ᠯᠤᠲᠤ ᠶᠡᠭᠡ ᠬᠤᠪᠢ ᠨᠡᠮᠡᠷᠢ ᠦᠵᠡᠭᠦᠯᠪᠡ᠃ ᠨᠢᠭᠡ ᠳᠤ᠂ ︽ᠶᠡᠷᠦᠩᠬᠡᠢ ᠫᠦᠰᠡ ᠶᠢᠨ ᠠᠵᠤ ᠠᠬᠤᠢ ᠶᠢᠨ ᠵᠠᠭᠪᠤᠷ︾ ᠢ ᠡᠭᠦᠳᠴᠦ᠂ ᠠᠵᠤ ᠠᠬᠤᠶᠢᠯᠠᠯ ᠤᠨ ᠬᠠᠮᠤᠭ ᠤᠨ ᠳᠡᠭᠡᠳᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠪᠬᠤᠷᠭ᠎ᠠ ᠲᠤᠬᠠᠶᠢᠯᠠᠪᠠᠯ ᠡᠵᠡᠨ ᠨᠢ ᠶᠡᠭᠡ ᠵᠠᠩᠭᠤᠶᠢᠳᠠ ᠲᠠᠢ ᠪᠠᠨ ᠶᠡᠷᠦᠩᠬᠡᠢ ᠫᠦᠰᠡᠨ ᠳᠤ ᠰᠠᠭᠤᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ ᠪᠦᠭᠦ ᠲᠠᠯ᠎ᠠ ᠶᠢ ᠡᠵᠡᠮᠳᠡᠨ᠂ ᠡᠯ᠎ᠡ ᠬᠤᠪᠢᠶᠠᠷᠢ ᠫᠦᠰᠡ ᠨᠢ ᠭᠠᠳᠠᠨ᠎ᠠ ᠪᠡᠶ᠎ᠡ ᠪᠠᠨ ᠳᠠᠭᠠᠭᠠᠨ ᠡᠵᠡᠨ ᠮᠡᠳᠡᠵᠦ᠂ ᠠᠮᠢᠳᠤᠯᠢᠭ ᠢᠶᠠᠷ ᠡᠵᠡᠩᠨᠡᠪᠡ; ᠬᠤᠶᠠᠷ ᠲᠤ ᠴᠠᠢ ᠪᠣᠯᠣᠨ ᠵᠣᠭᠤᠰᠤᠨ ᠦᠢᠯᠡᠰ ᠢ ᠬᠠᠪᠰᠤᠷᠭᠠᠨ ᠡᠵᠡᠩᠨᠡᠬᠦ ᠵᠠᠭᠪᠤᠷ ᠢ ᠡᠭᠦᠳᠴᠦ᠂ ᠬᠤᠳᠠᠯᠳᠤᠭᠠᠨ ᠤ ᠬᠥᠷᠥᠩᠭᠡ ᠪᠣᠯᠣᠨ ᠮᠥᠩᠭᠦᠨ ᠭᠦᠢᠯᠭᠡᠭᠡᠨ ᠤ ᠬᠥᠷᠥᠩᠭᠡ ᠶᠢᠨ ᠣᠷᠭᠠᠨᠢᠭ ᠤᠶᠠᠯᠳᠤᠯ ᠢ ᠪᠡᠶᠡᠯᠡᠭᠦᠯᠦᠭᠰᠡᠨ ᠭᠡᠨ᠎ᠡ᠃      ᠲᠡᠮᠡᠭᠡᠨ ᠵᠠᠮ ᠤᠨ ᠤᠯᠠ ᠮᠥᠷ ᠢ ᠳᠠᠭᠠᠵᠤ᠂ ᠳ᠋ᠠ ᠱᠧᠩ ᠺᠦᠢ ᠶᠢᠨ ᠬᠤᠪᠢᠶᠠᠷᠢ ᠫᠦᠰᠡ ᠳᠣᠲᠣᠷ᠎ᠠ ᠭᠠᠵᠠᠷ ᠤᠨ ᠡᠯ᠎ᠡ ᠮᠤᠵᠢ ᠳᠤ ᠲᠦᠭᠡᠵᠦ᠂ ᠲᠦᠮᠡ ᠭᠠᠷᠤᠢ ᠠᠵᠢᠯᠲᠠᠨ ᠹᠦᠵᠧᠦ᠂ ᠬᠠᠩᠵᠧᠦ᠂ ᠬᠠᠨᠺᠸᠤ ᠵᠡᠷᠭᠡ ᠭᠠᠵᠠᠷ ᠤᠨ ᠴᠠᠢ᠂ ᠲᠣᠷᠭ᠎ᠠ ᠳᠤᠷᠳᠤᠩ ᠪᠣᠯᠣᠨ ᠡᠯ᠎ᠡ ᠵᠦᠢᠯ ᠤᠨ ᠲᠠᠸᠠᠷ ᠢ ᠭᠦᠢᠬᠤᠸᠠ ᠬᠤᠲᠠ ᠳᠤ ᠬᠦᠷᠭᠡᠵᠦ᠂ ᠳᠠᠭᠢᠨ ᠭᠦᠢᠬᠤᠸᠠ ᠬᠤᠲᠠ ᠠᠴᠠ ᠮᠣᠷᠳᠠᠭᠠᠳ᠂ ᠪᠠᠷᠠᠭᠤᠨᠰᠢ ᠰᠢᠨᠵᠢᠶᠠᠩ ᠤᠨ ᠺᠠᠱᠭᠠᠷ᠂ ᠤᠮᠠᠷᠠᠰᠢ ᠮᠣᠩᠭᠤᠯ ᠤᠯᠤᠰ᠂ ᠣᠷᠣᠰ᠂ ᠡᠸᠦ᠋ᠷᠦᠫᠡ ᠲᠢᠪ ᠤᠨ ᠡᠯ᠎ᠡ ᠤᠯᠤᠰ ᠲᠤ ᠭᠦᠷᠦᠭᠡᠳ ᠠᠷᠠᠯᠵᠢᠶ᠎ᠠ ᠬᠢᠵᠦ᠂ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢ ᠬᠤᠯᠪᠣᠭᠰᠠᠨ ᠠᠷᠠᠯᠵᠢᠶ᠎ᠠ ᠬᠤᠳᠠᠯᠳᠤᠭᠠᠨ ᠤ ᠵᠠᠮ ᠢ ᠨᠡᠭᠡᠭᠡᠭᠰᠡᠨ ᠪᠠᠶᠢᠨ᠎ᠠ᠃      ᠳ᠋ᠠ ᠱᠧᠩ ᠺᠦᠢ ᠶᠢᠨ ᠬᠥᠭᠵᠢᠯ ᠴᠡᠴᠡᠭᠯᠡᠯ ᠨᠢ ᠭᠦᠢᠬᠤᠸᠠ ᠬᠤᠲᠠ ᠶᠢᠨ ᠬᠥᠭᠵᠢᠯᠲᠡ ᠶᠢ ᠳᠠᠶᠢᠴᠢᠯᠠᠨ᠂ ᠠᠳᠠᠯᠢ ᠪᠤᠰᠤ ᠰᠣᠶᠣᠯ᠂ ᠠᠮᠢᠳᠤᠷᠠᠯ ᠤᠨ ᠵᠠᠩ ᠦᠢᠯᠡ ᠠᠳᠡ ᠠᠭᠤᠰᠤᠯᠴᠠᠨ ᠴᠤᠭᠯᠠᠷᠠᠬᠤ ᠶᠢ ᠳᠠᠶᠢᠴᠢᠯᠠᠵᠤ᠂ ᠲᠤᠬᠠᠢ ᠶᠢᠨ ᠭᠠᠵᠠᠷ ᠤᠨ ᠠᠷᠠᠯᠵᠢᠶ᠎ᠠ ᠬᠤᠳᠠᠯᠳᠤᠭᠠᠨ ᠤ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠠᠢ᠃
6382778243863457695740299.png
           ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠳᠤ ᠳᠡᠯᠭᠡᠨ ᠦᠵᠡᠭᠦᠯᠦᠭᠰᠡᠨ ᠲᠤᠬᠠᠢ ᠶᠢᠨ ᠵᠢᠯ ᠤᠨ ᠱᠠᠨ ᠰᠢ ᠶᠢᠨ ᠬᠤᠳᠠᠯᠳᠤᠭᠠᠴᠢᠨ ᠤ ᠬᠡᠷᠡᠭᠯᠡᠵᠦ ᠪᠠᠶᠢᠭᠰᠠᠨ ᠡᠳ᠋ ᠪᠣᠳᠠᠰ                     ᠮᠠ ᠯᠢ ᠮᠢᠩ   ᠺᠧᠦ ᠨᠢᠩ  ᠰᠡᠭᠦᠳᠡᠷᠯᠡᠪᠡ      ︵ᠲᠤᠰ ᠨᠢᠭᠤᠷ ᠤᠨ ᠭᠡᠷᠡᠯ ᠵᠢᠷᠤᠭ ᠤᠨ ᠨᠡᠷ᠎ᠡ ᠬᠠᠲᠠᠭᠰᠠᠨ ᠠᠴᠠ ᠪᠤᠰᠤᠳ ᠢ ᠭᠦᠭᠡᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠠᠩᠭᠠᠪᠠ︶ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ