ᠮᠠᠷᠲᠠᠵᠤ ᠪᠣᠯᠤᠰᠢ ᠦᠭᠡᠢ ᠲᠡᠥᠭᠡ·ᠬᠤᠪᠢᠰᠬᠠᠯᠴᠢᠳ ᠤᠨ ᠴᠠᠳᠢᠭ — ᠶᠠᠩ ᠴᠢ ᠱᠠᠨ
ᠨᠡᠶᠢᠲᠡᠯᠡᠭᠰᠡᠨ ᠴᠠᠭ᠄
2023/11/17
      ᠶᠠᠩ ᠴᠢ ᠱᠠᠨ ︵1907-1941︶᠂ ᠡᠷᠡᠭᠲᠡᠢ᠂ ᠬᠢᠲᠠᠳ ᠦᠨᠳᠦᠰᠦᠲᠡᠨ᠂ ᠱᠠᠨᠰᠢ ᠮᠤᠵᠢ ᠶᠢᠨ ᠹᠦ᠋ ᠬᠦ᠋ ᠰᠢᠶᠠᠨ ᠤ ᠬᠥᠮᠥᠨ᠃       ᠶᠠᠩ ᠴᠢ ᠱᠠᠨ 1927 ᠣᠨ ᠳᠤ ᠰᠦᠢ ᠳ᠋ᠧ ᠰᠢᠶᠠᠨ ᠤ ᠪᠠᠭᠰᠢ ᠶᠢᠨ ᠰᠤᠷᠭᠠᠭᠤᠯᠢ ᠳᠤ ᠰᠢᠯᠭᠠᠨ ᠣᠷᠣᠭᠰᠠᠨ ᠤ ᠳᠠᠷᠠᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠲᠡᠭᠦᠰᠦᠭᠰᠡᠨ ᠤ ᠲᠠᠷᠠᠭ᠎ᠠ ᠨᠠᠮ ᠠᠴᠠ ᠲᠡᠭᠦᠨ ᠢ ᠤᠷᠢᠳ ᠬᠤᠵᠢᠳ ᠲᠠᠶᠢᠶᠤᠸᠠᠨ ᠵᠢᠴᠢ ᠹᠦ᠋ ᠬᠦ᠋ ᠰᠢᠶᠠᠨ ᠳᠤ ᠨᠢᠭᠤᠴᠠ ᠠᠵᠢᠯ ᠬᠢᠯᠭᠡᠬᠦ ᠪᠠᠷ ᠲᠣᠮᠢᠯᠠᠪᠠ᠃ 1932 ᠣᠨ ᠳᠤ ᠹᠦ᠋ ᠬᠦ᠋ ᠰᠢᠶᠠᠨ ᠤ ᠯᠢᠨ ᠭᠤᠸᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠪᠠ᠃ 1933 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠹᠦ᠋ ᠬᠦ᠋ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1935 ᠣᠨ ᠳᠤ᠂ ᠲᠡᠷᠡ ᠪᠤᠭᠤᠲᠤ ᠶᠢᠨ ᠪᠠᠷᠠᠭᠤᠨ ᠲᠡᠭᠦᠷᠭᠡ ᠳᠤ ᠬᠦᠷᠴᠦ ᠬᠤᠪᠢᠰᠬᠠᠯ ᠤᠨ ᠠᠵᠢᠯ ᠥᠷᠨᠢᠭᠦᠯᠪᠡ᠃       1938 ᠣᠨ ᠤ ᠬᠠᠪᠤᠷ᠂ ᠶᠠᠩ ᠴᠢ ᠱᠠᠨ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠲᠤ ᠢᠷᠡᠵᠤ᠂ ᠶᠠᠩ ᡁᠢ ᠯᠢᠨ ᠲᠠᠢ ᠬᠤᠯᠪᠣᠭ᠎ᠠ ᠠᠪᠤᠪᠠ᠃ ᠳᠠᠯᠠᠨ ᠬᠠᠷ᠎ᠠ ᠠᠭᠤᠯᠠᠨ ᠤ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ ᠭᠠᠷᠭᠠᠭᠰᠠᠨ ᠤ ᠳᠠᠷᠠᠭ᠎ᠠ᠂ ᠲᠡᠷᠡ ᠲᠣᠭᠲᠠᠬᠤ ᠰᠢᠶᠠᠨ ᠳᠤ ᠲᠣᠮᠢᠯᠠᠭᠳᠠᠨ ᠨᠠᠮ ᠤᠨ ᠵᠣᠬᠢᠶᠠᠨ ᠪᠠᠶᠢᠭᠤᠯᠤᠯᠲᠠ ᠶᠢ ᠬᠥᠭᠵᠢᠭᠦᠯᠵᠦ᠂ ᠬᠤᠷᠢᠨᠭᠡᠷ ᠰᠢᠶᠠᠨ ᠳᠤ ᠶᠠᠫᠤᠨ ᠢ ᠡᠰᠡᠷᠭᠦᠴᠡᠬᠦ ᠤᠬᠠᠭᠤᠯᠭ᠎ᠠ ᠬᠢᠵᠦ᠂ ᠤᠯᠠᠨ ᠲᠦᠮᠡᠨᠴᠢ ᠴᠢᠨᠠᠷᠲᠠᠢ ᠶᠠᠫᠤᠨ ᠢ ᠡᠰᠡᠷᠭᠦᠴᠡᠬᠦ ᠠᠵᠢᠯᠯᠠᠭ᠎ᠠ ᠥᠷᠨᠢᠭᠦᠯᠪᠡ᠃ 1940 ᠣᠨ ᠳᠤ ᠲᠦᠸᠧ ᠡᠾᠧ ᠴᠢᠩ ︵ᠲᠤᠭᠲᠠᠬᠤ ᠬᠤᠷᠢᠨᠭᠡᠷ ᠴᠢᠩ ᠱᠦᠢ ᠡᠾᠧ ᠤᠨ ᠬᠢᠲᠠᠳ ᠦᠰᠦᠭ ᠤᠨ ᠡᠬᠢᠨ ᠤ ᠦᠰᠦᠭ︶ ᠰᠢᠶᠠᠨ ᠤ ᠶᠠᠫᠤᠨ ᠢ ᠡᠰᠡᠷᠭᠦᠴᠡᠬᠦ ᠠᠷᠠᠳᠴᠢᠯᠠᠭᠰᠠᠨ ᠵᠠᠰᠠᠭ ᠤᠨ ᠣᠷᠳᠣᠨ ᠪᠠᠶᠢᠭᠤᠯᠤᠭᠳᠠᠭᠰᠠᠨ ᠤ ᠳᠠᠷᠠᠭ᠎ᠠ᠂ ᠶᠠᠩ ᠴᠢ ᠱᠠᠨ ᠰᠢᠶᠠᠨ ᠤ ᠳᠠᠷᠤᠭ᠎ᠠ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠸᠧ ᠾᠧ ᠴᠢᠩ ᠰᠢᠶᠠᠨ ᠤ ᠠᠵᠢᠯᠯᠠᠬᠤ ᠬᠤᠷᠢᠶ᠎ᠠ ᠶᠢᠨ ᠭᠡᠰᠢᠭᠦᠨ ᠤ ᠲᠤᠰᠢᠶᠠᠯ ᠢ ᠬᠠᠷᠢᠭᠤᠴᠠᠵᠤ᠂ ᠲᠣᠭᠲᠠᠬᠤ ᠰᠢᠶᠠᠨ ᠤ ᠶᠦᠩ ᠱᠧᠩ ᠢᠦᠢ᠂ ᠰᠢᠷᠡᠭᠡᠲᠦ᠂ ᠱᠢᠷᠦ ᠪᠤᠯᠠᠭ ᠵᠢᠴᠢ ᠡᠮᠦᠨ᠎ᠡ ᠤᠮᠠᠷ᠎ᠠ ᠶᠢᠨ ᠲᠤᠰᠬᠤᠨ ᠤᠳ ᠢᠶᠠᠷ ᠦᠷᠭᠦᠯᠵᠢ ᠠᠵᠢᠯᠯᠠᠭ᠎ᠠ ᠬᠢᠵᠦ ᠪᠠᠶᠢᠪᠠ᠃      1941 ᠣᠨ ᠤ 4 ᠳ᠋ᠤᠭᠡᠷ ᠰᠠᠷ᠎ᠠ ᠳᠤ᠂ ᠶᠠᠩ ᠴᠢ ᠱᠠᠨ 20 ᠫᠠᠷᠲ᠋ᠢᠽᠠᠨ ᠠᠩᠭᠢ ᠶᠢᠨ ᠭᠡᠰᠢᠭᠦᠨ ᠢ ᠳᠠᠭᠠᠭᠤᠯᠵᠤ᠂ ᠳᠠᠯᠠᠨ ᠬᠠᠷ᠎ᠠ ᠠᠭᠤᠯᠠ ᠠᠴᠠ ᠶᠦᠩ ᠱᠧᠩ ᠢᠦᠢ ᠣᠷᠴᠢᠮ ᠬᠦᠷᠴᠦ ᠬᠦᠨᠡᠰᠦ ᠴᠤᠭᠯᠠᠭᠤᠯᠬᠤ ᠳᠠᠭᠠᠨ ᠬᠤᠶᠢᠲᠤ ᠳᠡᠯᠲᠦ ᠶᠢᠨ ᠪᠦᠦ ᠵᠢᠶᠠ ᠲᠤᠸᠠᠨ ᠪᠠ ᠡᠷᠲᠡᠨ ᠤ ᠬᠤᠳᠠ ᠶᠢᠨ ᠬᠠᠭᠤᠷᠮᠠᠭ ᠴᠠᠭᠳᠠᠭᠠᠨ ᠤ ᠵᠠᠬᠢᠷᠭ᠎ᠠ ᠶᠢᠨ ᠴᠠᠭᠳᠠᠭᠠᠨ ᠳᠠᠷᠤᠭ᠎ᠠ ᠶᠢᠨ  ᠲᠠᠭᠠᠭᠤᠯᠤᠭᠰᠠᠨ ᠥᠪᠡᠷ ᠢ ᠪᠠᠨ ᠬᠠᠮᠠᠭᠠᠯᠠᠬᠤ ᠬᠤᠷᠢᠶ᠎ᠠ ᠳᠤ ᠪᠦᠰᠡᠯᠡᠭᠳᠡᠪᠡ᠃ ᠶᠠᠩ ᠴᠢ ᠱᠠᠨ ᠪᠦᠰᠡᠯᠡᠯᠲᠡ ᠶᠢ ᠰᠢᠪᠲᠤᠯᠬᠤ ᠳᠤᠮᠳᠠ ᠪᠠᠨ ᠵᠣᠯ ᠪᠤᠰᠤ ᠪᠠᠷ ᠰᠤᠮᠤᠨ ᠳᠤ ᠣᠨᠣᠭᠳᠠᠵᠤ ᠪᠡᠶ᠎ᠡ ᠦᠷᠡᠭᠳᠡᠪᠡ᠂ ᠲᠤᠬᠠᠢ ᠶᠢᠨ ᠦᠶ᠎ᠡ ᠳᠤ 34 ᠨᠠᠰᠤᠲᠠᠢ ᠪᠠᠶᠢᠪᠠ᠃      ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠬᠡ︾ ︵ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂1999 ᠣᠨ ᠤ ᠬᠡᠪᠯᠡᠯ︶ ᠠᠴᠠ ᠣᠷᠴᠢᠭᠤᠯᠪᠠ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ