1—10 ᠳ᠋ᠤᠭᠠᠷ ᠰᠠᠷ᠎ᠠ ᠳᠤ ᠪᠥᠬᠦ ᠬᠤᠲᠠ ᠶᠢᠨ ᠠᠵᠤ ᠠᠬᠤᠢ ᠲᠣᠭᠲᠠᠭᠤᠨ ᠢᠶᠠᠷ ᠨᠡᠮᠡᠭᠳᠡᠵᠦ ᠲᠦᠷᠭᠡᠨ ᠬᠥᠭᠵᠢᠬᠦ ᠰᠠᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ
ᠨᠡᠶᠢᠲᠡᠯᠡᠭᠰᠡᠨ ᠴᠠᠭ᠄
2023/11/20
      ︵ᠰᠤᠷᠪᠤᠯᠵᠢᠯᠠᠭᠴᠢ ᠯᠢᠦ ᠯᠢ ᠰᠢᠶᠠ︶ 11 ᠳ᠋ᠦ᠋ᠭᠡᠷ ᠰᠠᠷ᠎ᠠ ᠶᠢᠨ 17 ᠤ ᠡᠳᠦᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠷᠠᠯᠳᠤᠭᠤᠯᠤᠭᠰᠠᠨ 1—10 ᠳ᠋ᠤᠭᠠᠷ ᠰᠠᠷ᠎ᠠ ᠶᠢᠨ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠮᠡᠳᠡᠭᠳᠡᠬᠦ ᠬᠤᠷᠠᠯ ᠠᠴᠠ ᠣᠶᠢᠯᠠᠭᠠᠭᠰᠠᠨ ᠨᠢ᠂ 1—10 ᠳ᠋ᠤᠭᠠᠷ ᠰᠠᠷ᠎ᠠ ᠳᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠠᠰᠢᠭᠲᠠᠢ ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠳᠣᠣᠷ᠎ᠠ᠂ ᠪᠥᠬᠦ ᠬᠤᠲᠠ ᠶᠢᠨ ᠠᠵᠤ ᠠᠬᠤᠢ ᠦᠷᠭᠦᠯᠵᠢᠯᠡᠨ ᠰᠠᠶᠢᠵᠢᠷᠠᠵᠤ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠢᠯᠡᠳᠲᠡ ᠲᠦᠷᠭᠡᠳᠴᠦ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠲᠠᠰᠤᠷᠠᠯᠲᠠ ᠦᠭᠡᠢ ᠴᠢᠩᠭᠠᠷᠠᠵᠤ᠂ ᠲᠣᠭᠲᠠᠭᠤᠨ ᠢᠶᠠᠷ ᠨᠡᠮᠡᠭᠳᠡᠵᠦ ᠲᠦᠷᠭᠡᠨ ᠤᠷᠤᠭᠰᠢᠯᠠᠬᠤ ᠰᠠᠶᠢᠨ ᠰᠠᠶᠢᠬᠠᠨ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃      ᠠᠵᠤ ᠦᠢᠯᠡᠰ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠴᠦ ᠦᠷ᠎ᠡ ᠪᠦᠲᠦᠮᠵᠢ ᠳᠡᠭᠡᠭᠰᠢᠯᠡᠪᠡ      ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠶᠢᠨ ᠲᠣᠭᠤᠷᠢᠨ ᠳᠤ᠂ ᠠᠵᠤ ᠦᠢᠯᠡᠰ ᠤᠨ ᠪᠥᠭᠡᠮᠨᠡᠷᠡᠯ ᠤᠨ ᠦᠷ᠎ᠡ ᠠᠰᠢᠭ ᠢ ᠦᠷᠭᠦᠯᠵᠢᠯᠡᠨ ᠴᠢᠩᠭᠠᠷᠠᠭᠤᠯᠪᠠ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.1% ᠪᠠᠷ ᠨᠡᠮᠡᠭᠳᠡᠵᠦ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 0.5 ᠵᠠᠭᠤᠨ ᠤ ᠨᠢᠭᠡᠴᠢ ᠲᠦᠷᠭᠡᠳᠴᠡᠢ᠃ ᠦᠢᠯᠡᠳᠬᠦ ᠦᠢᠯᠡᠰ ᠤᠨ ᠳᠠᠶᠢᠴᠢᠯᠠᠬᠤ ᠦᠢᠯᠡᠳᠦᠯ ᠴᠢᠩᠭᠠᠷᠠᠵᠤ᠂ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21.5% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 17.2 ᠵᠠᠭᠤᠨ ᠤ ᠨᠢᠭᠡᠴᠢ ᠳᠡᠭᠡᠭᠰᠢ ᠲᠠᠲᠠᠵᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 74.5% ᠬᠦᠷᠴᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠬᠤ ᠭᠤᠣᠯ ᠬᠦᠴᠦᠨ ᠪᠣᠯᠤᠭᠰᠠᠨ ᠪᠠᠶᠢᠨ᠎ᠠ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠦᠷᠭᠡᠳᠴᠦ᠂ 1—10 ᠳ᠋ᠤᠭᠠᠷ ᠰᠠᠷ᠎ᠠ ᠳᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.5 ᠳᠠᠬᠢᠨ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢ ᠳᠠᠶᠢᠴᠢᠯᠠᠨ 19.0 ᠵᠠᠭᠤᠨ ᠤ ᠨᠢᠭᠡᠴᠢ ᠨᠡᠮᠡᠭᠳᠡᠭᠦᠯᠵᠦ᠂ ᠲᠠᠲᠠᠬᠤ ᠬᠦᠴᠦᠨ ᠨᠢ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 16.0 ᠵᠠᠭᠤᠨ ᠤ ᠨᠢᠭᠡᠴᠢ ᠳᠡᠭᠡᠭᠰᠢᠯᠡᠵᠦ᠂ ᠮᠡᠳᠡᠭᠡ ᠵᠠᠩᠭᠢ ᠶᠢᠨ ᠠᠵᠢᠯ ᠲᠥᠷᠥᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 86.7% ᠨᠡᠮᠡᠭᠳᠡᠨ᠂ ᠪᠥᠬᠦ ᠪᠡᠯᠡ ᠣᠷᠣᠭᠤᠯᠤᠯᠲᠠ ᠠᠴᠠ 53.8 ᠵᠠᠭᠤᠨ ᠤ ᠨᠢᠭᠡᠴᠢ ᠥᠨᠳᠥᠷ ᠪᠣᠯᠵᠠᠢ᠃ ᠵᠢᠵᠢᠭ ᠪᠢᠴᠢᠯ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠬᠥᠭᠵᠢᠵᠦ᠂ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠤᠭ᠎ᠠ ᠶᠢᠨ  ᠪᠠᠷᠤᠭ 8 ᠬᠤᠪᠢ ᠶᠢ ᠡᠵᠡᠯᠡᠬᠦ ᠵᠢᠵᠢᠭ ᠪᠢᠴᠢᠯ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 30.0% ᠨᠡᠮᠡᠭᠳᠡᠵᠦ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 1.5 ᠵᠠᠭᠤᠨ ᠤ ᠨᠢᠭᠡᠴᠢ ᠲᠦᠷᠭᠡᠨ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 4.6 ᠵᠠᠭᠤᠨ ᠤ ᠨᠢᠭᠡᠴᠢ ᠳᠠᠶᠢᠴᠢᠯᠠᠨ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠢ ᠳᠤ ᠠᠮᠢᠵᠢᠷᠠᠯ ᠤᠨ ᠬᠦᠴᠦᠨ ᠨᠡᠮᠡᠷᠢᠯᠡᠪᠡ᠃ ᠠᠵᠤ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠴᠢᠩᠭᠠᠷᠠᠵᠤ᠂ 1—10 ᠳ᠋ᠤᠭᠠᠷ ᠰᠠᠷ᠎ᠠ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 95.0% ᠨᠡᠮᠡᠭᠳᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠨ 24.9 ᠵᠠᠭᠤᠨ ᠤ ᠨᠢᠭᠡᠴᠢ ᠬᠦᠷᠭᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.3 ᠵᠠᠭᠤᠨ ᠤ ᠨᠢᠭᠡᠴᠢ ᠳᠡᠭᠡᠭᠰᠢᠯᠡᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠳᠡᠭᠡᠭᠰᠢᠯᠡᠨ᠂ ᠠᠵᠤ ᠦᠢᠯᠡᠰ ᠤᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃      ᠬᠡᠷᠡᠭᠯᠡᠭᠡᠨ ᠤ ᠬᠦᠷᠢᠶᠡᠨ ᠤ ᠪᠠᠭᠲᠠᠭᠠᠮᠵᠢ ᠶᠡᠬᠡᠳᠴᠦ ᠶᠠᠰᠤ ᠴᠢᠨᠠᠷ ᠨᠢ ᠳᠡᠭᠡᠭᠰᠢᠯᠡᠪᠡ      ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢᠨ ᠲᠣᠭᠤᠷᠢᠨ ᠳᠤ᠂ ᠪᠥᠬᠦ ᠬᠤᠲᠠ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠬᠡᠷᠡᠭᠯᠡᠭᠡ ᠶᠢᠨ ᠬᠠᠩᠭᠠᠯᠭ᠎ᠠ ᠶᠢ ᠲᠦᠷᠭᠡᠨ ᠳᠡᠭᠡᠭᠰᠢᠯᠡᠭᠦᠯᠵᠦ᠂ ᠬᠡᠷᠡᠭᠯᠡᠭᠡ ᠶᠢᠨ ᠪᠠᠭᠲᠠᠭᠠᠮᠵᠢ ᠶᠢ ᠦᠷᠭᠦᠯᠵᠢᠯᠡᠨ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠪᠡ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 965.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠨ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 4 ᠵᠠᠭᠤᠨ ᠤ ᠨᠢᠭᠡᠴᠢ ᠲᠦᠷᠭᠡᠳᠪᠡ᠃ ᠤᠯᠠᠮᠵᠢᠯᠠᠯᠲᠤ ᠬᠡᠷᠡᠭᠯᠡᠭᠡ ᠲᠣᠭᠲᠠᠭᠤᠨ ᠢᠶᠠᠷ ᠰᠡᠷᠭᠦᠪᠡ᠃ ᠠᠷᠠᠳ ᠲᠤ ᠠᠰᠢᠭ ᠬᠦᠷᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠪᠠ ᠲᠣᠮᠣ ᠬᠡᠯᠪᠡᠷᠢ ᠶᠢᠨ ᠬᠤᠳᠠᠯᠳᠤᠭᠠᠨ ᠤ ᠬᠡᠳᠦ ᠳᠡᠯᠭᠡᠭᠦᠷ ᠢ ᠨᠡᠶᠢᠭᠡᠮ ᠲᠣᠭᠤᠷᠢᠭ ᠲᠤ ᠣᠷᠣᠭᠤᠯᠬᠤ᠂ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠵᠡᠷᠭᠡ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠠᠭᠤᠳᠠᠯᠵᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ 22 ᠶᠡᠭᠡ ᠲᠥᠷᠥᠯ ᠤᠨ ᠪᠠᠷᠤᠭ 6 ᠬᠤᠪᠢ ᠨᠢ ᠨᠡᠮᠡᠭᠳᠡᠯ ᠲᠠᠢ ᠪᠣᠯᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠵᠦᠢᠯ ᠪᠠ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 52.6%᠂ 13.4% ᠪᠠ 12.8% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠶᠢᠲᠡ 7.0 ᠵᠠᠭᠤᠨ ᠤ ᠨᠢᠭᠡᠴᠢ ᠳᠡᠭᠡᠭᠰᠢ ᠲᠠᠲᠠᠪᠠ᠃ ᠰᠢᠨ᠎ᠡ ᠬᠡᠯᠪᠡᠷᠢ ᠶᠢᠨ ᠬᠡᠷᠡᠭᠯᠡᠭᠡ ᠶᠢ ᠲᠦᠷᠭᠡᠳᠬᠡᠨ ᠪᠣᠶᠢᠵᠢᠭᠤᠯᠪᠠ᠃ ᠬᠤᠲᠠ ᠶᠢᠨ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠶᠢᠨ ᠲᠤᠯᠠᠳᠠ᠂ ᠰᠦᠯᠵᠢᠶᠡᠨ ᠳᠡᠭᠡᠷᠡᠬᠢ ᠪᠠᠷᠠᠭ᠎ᠠ ᠬᠤᠳᠠᠯᠳᠤᠬᠤ ᠭᠤᠣᠯ ᠰᠡᠳᠦᠪᠲᠦ ᠨᠠᠶᠢᠷ ᠤᠨ ︽ᠣᠨᠴᠠ ᠬᠠᠷᠠᠭᠠᠯᠵᠠᠯ ᠤᠨ ᠠᠵᠢᠯᠯᠠᠭ᠎ᠠ ᠶᠢᠨ ᠬᠦᠷᠲᠡᠭᠡᠯ︾ ︽ᠲᠢᠺ ᠲᠣᠺ ᠠᠮᠢᠳᠤᠷᠠᠯ ᠤᠨ ᠦᠢᠯᠡᠴᠢᠯᠡᠭᠡᠨ ᠤ ᠡᠵᠡᠩᠨᠡᠨ ᠪᠣᠷᠣᠯᠠᠭᠤᠯᠬᠤ ᠰᠣᠯᠢᠯᠴᠠᠭᠠᠨ ᠤ ᠴᠤᠭᠯᠠᠭᠠᠨ︾ ᠢ ᠡᠷᠭᠢᠯᠡᠬᠦ ᠪᠠᠷ ᠳᠠᠮᠵᠢᠭᠤᠯᠤᠨ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠡᠵᠡᠩᠨᠡᠨ ᠪᠣᠷᠣᠯᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ︽ᠣᠷᠣᠨ ᠰᠠᠭᠤᠴᠠ ᠶᠢᠨ ᠠᠵᠤ ᠠᠬᠤᠢ︾ ᠶᠢ ᠬᠥᠭᠵᠢᠭᠦᠯᠬᠦ ᠪᠠᠷ ᠳᠠᠮᠵᠢᠭᠤᠯᠤᠨ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠲᠦᠷᠭᠡᠨ ᠨᠡᠮᠡᠭᠳᠡᠯ ᠢ ᠳᠠᠶᠢᠴᠢᠯᠠᠨ᠂ ᠰᠦᠯᠵᠢᠶᠡᠨ ᠤ ᠪᠣᠷᠤᠯᠠᠭᠤᠯᠭ᠎ᠠ ᠶᠢ ᠢᠳᠡᠬᠦ᠂ ᠡᠮᠦᠰᠬᠦ᠂ ᠬᠡᠷᠡᠭᠯᠡᠬᠦ ᠵᠡᠷᠭᠡ ᠪᠣᠳᠠᠲᠤ ᠪᠣᠳᠠᠰ ᠤᠨ ᠬᠡᠷᠡᠭᠯᠡᠭᠡᠨ ᠤ ᠬᠦᠷᠢᠶᠡᠨ ᠠᠴᠠ ᠡᠮᠴᠢᠯᠡᠭᠡ᠂ ᠰᠤᠷᠭᠠᠨ ᠬᠥᠮᠦᠵᠢᠯ᠂ ᠰᠣᠶᠣᠯ ᠴᠡᠩᠭᠡᠯ᠂ ᠵᠢᠭᠤᠯᠴᠢᠯᠠᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠵᠡᠷᠭᠡ ᠦᠢᠯᠡᠴᠢᠯᠡᠭᠡᠨ ᠤ ᠬᠦᠷᠢᠶ᠎ᠡ ᠲᠡᠶᠢᠰᠢ ᠥᠷᠭᠡᠳᠬᠡᠪᠡ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠦᠯᠵᠢᠶᠡᠨ ᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 66.9 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 98.0% ᠨᠡᠮᠡᠭᠳᠡᠨ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 12.5 ᠵᠠᠭᠤᠨ ᠤ ᠨᠢᠭᠡᠴᠢ ᠳᠡᠭᠡᠭᠰᠢᠯᠡᠵᠡᠢ᠃ ᠪᠣᠬᠢᠷᠲᠤᠯ ᠦᠭᠡᠢ ᠬᠡᠷᠡᠭᠯᠡᠭᠡ ᠶᠢᠨ ᠠᠮᠵᠢᠯᠲᠠ ᠲᠡᠭᠦᠰ ᠪᠣᠯᠪᠠ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ 33.4 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 2 ᠳᠠᠬᠢᠨ ᠨᠡᠮᠡᠭᠳᠡᠨ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠶᠢ 8.0 ᠵᠠᠭᠤᠨ ᠤ ᠨᠢᠭᠡᠴᠢ ᠳᠡᠭᠡᠭᠰᠢ ᠲᠠᠲᠠᠵᠠᠢ᠃      ᠠᠷᠠᠳ ᠤᠨ ᠠᠮᠢᠳᠤᠷᠠᠯ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ      ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠤᠨ ᠲᠣᠭᠤᠷᠢᠨ ᠳᠤ᠂ ᠪᠦᠬᠦ ᠬᠤᠳᠠ ᠪᠠᠷ ᠢᠶᠠᠨ ᠪᠦᠲᠦᠮᠵᠢᠲᠡᠢ ᠪᠡᠯᠡ ᠣᠷᠣᠭᠤᠯᠤᠯᠲᠠ ᠶᠢ ᠣᠨᠣᠪᠴᠢᠲᠠᠢ ᠥᠷᠭᠡᠳᠬᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠲᠠᠶᠢᠴᠢᠯᠠᠯ ᠢᠶᠠᠷ ᠨᠡᠮᠡᠭᠳᠡᠯ ᠢ ᠲᠦᠷᠭᠡᠳᠬᠡᠪᠡ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32.9% ᠪᠠᠷ ᠨᠡᠮᠡᠭᠳᠡᠵᠦ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 0.4 ᠵᠠᠭᠤᠨ ᠤ ᠨᠢᠭᠡᠴᠢ ᠲᠦᠷᠭᠡᠳᠪᠡ᠃ ᠬᠤᠲᠠ ᠶᠢᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠵᠦ᠂ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠬᠤ ᠵᠠᠮ ᠤᠨ ᠪᠠᠷᠢᠯᠭ᠎ᠠ ᠶᠢ ᠪᠦᠬᠦᠨ ᠢ ᠠᠵᠢᠯ ᠡᠬᠢᠯᠡᠭᠦᠯᠦᠨ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠠᠵᠢᠯ ᠢ ᠪᠦᠬᠦᠨ ᠢ ᠳᠠᠭᠤᠰᠬᠠᠵᠤ᠂ ᠭᠠᠵᠠᠷ ᠳᠡᠭᠡᠷᠡᠬᠢ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠱᠣᠩ ᠶᠢ ᠪᠦᠯᠦᠭ ᠬᠤᠪᠢᠶᠠᠨ ᠪᠦᠲᠦᠭᠡᠨ ᠪᠠᠶᠢᠭᠤᠯᠵᠤ᠂ ᠴᠠᠬᠢᠯᠭᠠᠨ ᠬᠦᠴᠦᠨ ᠤ ᠲᠣᠣᠷ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠬᠤᠷᠳᠤᠨ ᠤ ᠵᠠᠮ ᠤᠨ ᠵᠠᠯᠭᠠᠯᠲᠠ ᠶᠢᠨ ᠱᠤᠭᠤᠮ ᠢ ᠠᠯᠬᠤᠮ ᠠᠯᠬᠤᠮ ᠢᠶᠠᠷ ᠨᠡᠪᠲᠡᠷᠡᠭᠦᠯᠪᠡ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 55.8% ᠪᠠᠷ ᠨᠡᠮᠡᠭᠳᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 19.5 ᠵᠠᠭᠤᠨ ᠤ ᠨᠢᠭᠡᠴᠢ ᠪᠣᠯᠭᠠᠨ ᠳᠠᠶᠢᠴᠢᠯᠠᠵᠤ᠂ ᠪᠥᠬᠦ ᠬᠤᠲᠠ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 6.0 ᠵᠠᠭᠤᠨ ᠤ ᠨᠢᠭᠡᠴᠢ ᠳᠡᠭᠡᠭᠰᠢᠯᠡᠵᠡᠢ᠃ ᠡᠷᠡᠭᠦᠯ ᠬᠠᠮᠠᠭᠠᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠤᠷᠤᠭᠰᠢᠲᠠᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠪᠠᠶᠢᠭᠤᠯᠤᠭᠰᠠᠨ ᠡᠮᠴᠢᠯᠡᠭᠡ ᠰᠤᠪᠢᠯᠠᠯᠲᠠ ᠶᠢᠨ ᠲᠥᠪ ᠤᠨ ᠲᠥᠷᠥᠯ ᠵᠦᠢᠯ ᠢ ᠴᠠᠭ ᠲᠤᠬᠠᠢ ᠳᠤᠨᠢ ᠲᠦᠯᠬᠢᠨ ᠠᠬᠢᠭᠤᠯᠵᠤ᠂ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 86.2% ᠢᠶᠠᠷ ᠨᠡᠮᠡᠭᠳᠡᠪᠡ᠃ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠳᠡᠭᠡᠭᠰᠢᠯᠡᠪᠡ᠃ ︽ᠠᠷᠪᠠᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠤᠨ ᠳ᠋ᠧᠩ ᠤᠨ ᠭᠡᠷᠡᠯ ᠤᠨ ᠦᠵᠡᠰᠬᠦᠯᠡᠩ᠂ ᠶᠡᠭᠡ ᠵᠤᠤ ᠲᠠᠯᠠᠪᠠᠢ ᠶᠢᠨ ᠵᠤᠤ ᠵᠢᠶᠦ᠋ᠨ ᠤ ᠡᠪᠰᠡᠯ ᠤᠷᠤᠭ ᠢ ᠵᠡᠭᠡᠯᠢ ᠳᠡᠭᠡᠷ᠎ᠡ ᠪᠣᠳᠠᠲᠤ ᠠᠬᠤᠶᠢᠴᠢᠯᠠᠭᠰᠠᠨ ᠲᠣᠭᠯᠠᠯᠲᠠ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠦᠬᠦ ᠬᠤᠳᠠ ᠳᠤ ᠤᠯᠤᠰ ᠤᠨ ᠳᠣᠲᠣᠭᠠᠳᠤ ᠶᠢᠨ ᠵᠢᠭᠤᠯᠴᠢᠳ ᠢ ᠨᠡᠶᠢᠲᠡ 366.3 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.3 ᠲᠠᠬᠢᠨ ᠪᠣᠯᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 26.1 ᠳ᠋ᠦᠩᠰᠢᠭᠤᠷ ᠲᠥᠭᠦᠷᠢᠭ ᠬᠦᠷᠴᠦ᠂ ᠣᠷᠣᠨ ᠤ ᠲᠥᠪ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠣᠳᠣᠬᠠᠨ ᠳᠤ ᠮᠠᠨ ᠤ ᠬᠤᠲᠠ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠯᠠᠪᠳᠠᠭᠤᠨ ᠪᠠᠲᠤᠲᠠᠢ ᠠᠳᠬᠤᠵᠤ᠂ ᠬᠥᠳᠡᠯᠭᠡᠭᠴᠢ ᠡᠨᠧᠷᠭᠢ ᠶᠢ ᠴᠢᠩᠭᠠᠷᠠᠭᠤᠯᠤᠨ᠂ ᠵᠢᠱᠢᠯᠲᠡ ᠶᠢ ᠲᠣᠭᠲᠠᠪᠤᠷᠢᠵᠢᠭᠤᠯᠵᠤ᠂ ᠣᠨ ᠤ ᠡᠯ᠎ᠡ ᠵᠦᠢᠯ ᠤᠨ ᠡᠭᠦᠷᠭᠡ ᠬᠠᠷᠠᠯᠲᠠ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠬᠤᠷᠠᠮᠳᠤᠭᠤᠯᠵᠤ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ