ᠢᠦᠶ ᠴᠢᠤᠸᠠᠨ ᠲᠣᠭᠤᠷᠢᠭ ᠤᠮᠠᠷᠠᠲᠤ ᠬᠢᠯᠢ ᠶᠢᠨ ᠰᠣᠶᠣᠯ ᠤᠨ ᠨᠡᠭᠡᠭᠡᠯᠲᠡ ᠲᠠᠢ ᠬᠢᠴᠢᠶᠡᠯ ᠢ ᠠᠩᠬ᠎ᠠ ᠤᠳᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2023/11/21
      ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠣᠶᠣᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠣᠶᠣᠯ ᠤᠨ ᠴᠡᠴᠡᠭᠯᠡᠯᠲᠡ ᠶᠢ ᠠᠬᠢᠭᠤᠯᠵᠤ᠂ ᠰᠣᠶᠣᠯ ᠤᠨ ᠬᠦᠴᠦᠷᠬᠡᠭ ᠣᠷᠣᠨ ᠢ ᠪᠠᠶᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠴᠦ᠂ ︽ᠰᠤᠶᠤᠯ ᠢ ᠳᠡᠭᠡᠳᠦᠯᠡᠬᠦ ᠢᠦᠢ ᠴᠢᠤᠸᠠᠨ︾ ᠭᠡᠬᠦ ᠡᠨᠡᠬᠦ ᠠᠵᠢᠯ ᠢ ᠴᠢᠨᠠᠷ ᠰᠠᠶᠢᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠬᠦ ᠳᠤ ᠢᠦᠢ ᠴᠢᠤᠸᠠᠨ ᠤ ᠬᠦᠴᠦᠨ ᠴᠢᠳᠠᠯ ᠢᠶᠠᠨ ᠡᠷᠭᠦᠬᠦ ᠶᠢᠨ ᠲᠦᠯᠦᠭᠡ᠂ 11 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠮᠠᠷᠠᠲᠤ ᠬᠢᠯᠢ ᠶᠢᠨ ᠰᠣᠶᠣᠯ ᠤᠨ ᠨᠡᠭᠡᠭᠡᠯᠲᠡ ᠲᠠᠢ ᠬᠢᠴᠢᠶᠡᠯ ᠢ ᠠᠩᠬ᠎ᠠ ᠤᠳᠠᠭ᠎ᠠ ᠡᠷᠭᠢᠯᠡᠪᠡ᠃      ᠲᠣᠰ ᠤᠳᠠᠭᠠᠨ ᠤ ᠨᠡᠭᠡᠭᠡᠯᠲᠡ ᠲᠠᠢ ᠬᠢᠴᠢᠶᠡᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠲᠥᠪ ᠤᠨ ᠡᠷᠬᠢᠯᠡᠭᠴᠢ᠂ ᠲᠠᠯ᠎ᠠ ᠨᠤᠲᠤᠭ ᠤᠨ ᠰᠣᠶᠣᠯ ᠰᠤᠳᠤᠯᠬᠤ ᠭᠠᠵᠠᠷ ᠤᠨ ᠰᠤᠳᠤᠯᠤᠭᠴᠢ ᠺᠠᠩ ᠵᠢᠶᠠᠨ ᠭᠦᠸᠧ ᠶᠢ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠵᠡᠶ᠃      ᠨᠡᠭᠡᠭᠡᠯᠲᠡ ᠲᠠᠢ ᠬᠢᠴᠢᠶᠡᠯ ᠳᠡᠭᠡᠷ᠎ᠡ᠂ ᠺᠠᠩ ᠵᠢᠶᠠᠨ ᠭᠦᠸᠧ ︽ᠤᠮᠠᠷᠠᠲᠤ ᠬᠢᠯᠢ ᠶᠢᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ︾ ᠭᠡᠬᠦ ᠰᠡᠳᠦᠪ ᠢᠶᠠᠷ᠂ ︽ᠤᠮᠠᠷᠠᠲᠤ ᠬᠢᠯᠢ ᠶᠢᠨ ᠰᠣᠶᠣᠯ ᠢ ᠬᠡᠷᠬᠢᠨ ᠣᠶᠢᠯᠠᠭᠠᠬᠤ︾᠂ ︽ᠤᠮᠠᠷᠠᠲᠤ ᠬᠢᠯᠢ ᠶᠢᠨ ᠰᠣᠶᠣᠯ ᠪᠣᠯ ᠬᠢᠯᠢ ᠬᠢᠵᠠᠭᠠᠷ ᠢ ᠨᠡᠭᠡᠭᠡᠨ ᠪᠠᠶᠢᠭᠤᠯᠤᠭᠰᠠᠨ ᠲᠡᠦᠬᠡ ᠶᠢᠨ ᠳᠤᠮᠳᠠ ᠪᠠᠷᠢᠯᠳᠤᠨ ᠪᠦᠷᠢᠯᠳᠦᠭᠰᠡᠨ ᠶᠤᠮ︾᠂ ︽︿ᠤᠮᠠᠷᠠᠲᠤ ᠬᠢᠯᠢ ᠶᠢᠨ ᠰᠣᠶᠣᠯ﹀ ᠤᠨ ᠲᠦᠷᠦᠯ ᠲᠡᠮᠳᠡᠭ ᠢ ᠡᠭᠦᠳᠬᠦ ᠶᠢᠨ ᠪᠣᠳᠠᠲᠤ ᠠᠴᠢ ᠬᠤᠯᠪᠣᠭᠳᠠᠯ︾᠂ ︽ᠤᠮᠠᠷᠠᠲᠤ ᠬᠢᠯᠢ ᠶᠢᠨ ᠰᠣᠶᠣᠯ ᠪᠣᠯ ᠬᠢᠯᠢ ᠬᠢᠵᠠᠭᠠᠷ ᠣᠷᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠰᠦᠪᠡᠭᠴᠢᠯᠡᠯ ᠪᠠ ᠦᠢᠯᠡᠳᠦᠯᠭᠡ ᠮᠥᠨ︾ ᠭᠡᠬᠦ ᠲᠦᠷᠪᠡᠨ ᠲᠠᠯ᠎ᠠ ᠠᠴᠠ ᠤᠮᠠᠷᠠᠲᠤ ᠬᠢᠯᠢ ᠶᠢᠨ ᠰᠣᠶᠣᠯ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃      ᠲᠤᠰ ᠤᠳᠠᠭᠠᠨ ᠤ ᠨᠡᠭᠡᠭᠡᠯᠲᠡ ᠲᠠᠢ ᠬᠢᠴᠢᠶᠡᠯ ᠢᠶᠠᠷ ᠳᠡᠮᠵᠢᠨ᠂ ᠣᠯᠠᠨ ᠢᠶᠠᠷ ᠢᠶᠠᠨ ᠤᠮᠠᠷᠠᠲᠤ ᠬᠢᠯᠢ ᠶᠢᠨ ᠰᠣᠶᠣᠯ ᠤᠨ ᠠᠭᠤᠯᠬᠤᠨ ᠪᠠ ᠣᠨᠴᠠ ᠴᠢᠨᠠᠷ ᠤᠨ ᠲᠤᠬᠠᠶ ᠨᠡᠩ ᠭᠦᠨᠵᠡᠭᠡᠶ ᠲᠠᠨᠢᠯᠲᠠ ᠲᠠᠢ ᠪᠣᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠬᠢᠭᠡᠳ ᠳᠤᠮᠳᠠᠳᠤ ᠶᠢᠨ ᠰᠣᠶᠣᠯ ᠤᠨ ᠬᠠᠷᠢᠴᠠᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠨ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠠᠬᠢᠭᠤᠯᠵᠤ᠂ ᠢᠦᠢ ᠴᠢᠤᠸᠠᠨ ᠲᠣᠭᠤᠷᠢᠭ ᠤᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠠᠬᠢᠭᠤᠯᠵᠤ᠂ ᠢᠦᠢ ᠴᠢᠤᠸᠠᠨ ᠲᠣᠭᠤᠷᠢᠭ ᠤᠨ ᠵᠥᠪ ᠲᠠᠯ᠎ᠠ ᠶᠢᠨ ᠳᠦᠷᠢ ᠲᠥᠷᠬᠦ ᠶᠢ ᠤᠬᠠᠭᠤᠯᠤᠨ ᠳᠡᠭᠡᠭᠰᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠴᠢᠳᠠᠯ ᠨᠡᠮᠡᠷᠢᠯᠡᠪᠡ᠃      ᠣᠶᠢᠯᠠᠭᠠᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ ︽ᠤᠮᠠᠷᠠᠲᠤ ᠬᠢᠯᠢ ᠶᠢᠨ ᠰᠣᠶᠣᠯ︾ ᠤᠨ ᠴᠠᠭ ᠦᠶ᠎ᠡ ᠶᠢᠨ ᠦᠨ᠎ᠡ ᠥᠷᠲᠡᠭ ᠪᠠ ᠭᠦᠨ ᠠᠭᠤᠯᠤᠭᠳᠠᠬᠤᠨ ᠢ ᠭᠦᠨᠵᠡᠭᠡᠶ ᠣᠶᠢᠯᠠᠭᠠᠭᠤᠯᠬᠤ ᠶᠢᠨ ᠲᠥᠯᠥᠭᠡ᠂ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠢ ᠪᠦᠲᠦᠭᠡᠨ ᠪᠠᠶᠢᠭᠤᠯᠬᠤ ᠢᠲᠡᠭᠡᠯ ᠪᠠ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠳᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠬᠢᠨ ᠪᠠᠰᠠ ᠤᠮᠠᠷᠠᠲᠤ ᠬᠢᠯᠢ ᠶᠢᠨ ᠰᠣᠶᠣᠯ ᠤᠨ ᠨᠡᠭᠡᠭᠡᠯᠲᠡ ᠲᠠᠢ ᠬᠢᠴᠢᠶᠡᠯ ᠢ ᠦᠷᠭᠦᠯᠵᠢᠯᠡᠨ ᠰᠠᠶᠢᠲᠤᠷ ᠡᠷᠬᠢᠯᠡᠵᠦ᠂ ᠲᠤᠰᠬᠠᠢ ᠮᠡᠷᠭᠡᠵᠢᠯᠲᠡᠨ ᠡᠷᠳᠡᠮᠲᠡᠨ᠂ ᠨᠤᠲᠤᠭ ᠤᠨ ᠰᠣᠶᠣᠯ ᠤᠨ ᠨᠡᠷᠡᠳᠦ ᠬᠥᠮᠦᠨ᠂ ᠰᠣᠶᠣᠯ ᠤᠳᠬ᠎ᠠ ᠤᠷᠠᠯᠢᠭ ᠤᠨ ᠠᠵᠢᠯᠲᠠᠳ ᠢ ᠤᠷᠢᠵᠤ ᠪᠠᠶᠢᠭᠤᠯᠭ᠎ᠠ᠂ ᠨᠡᠶᠢᠭᠡᠮ ᠲᠣᠭᠤᠷᠢᠭ᠂ ᠰᠣᠶᠣᠯ ᠦᠵᠡᠰᠬᠦᠯᠡᠩ ᠤᠨ ᠲᠠᠯᠠᠪᠤᠷ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠵᠡᠷᠭᠡ ᠭᠠᠵᠠᠷ ᠢᠶᠠᠷ ᠬᠦᠷᠴᠦ᠂ ᠡᠯ᠎ᠡ ᠵᠦᠢᠯ ᠤᠨ ᠠᠮᠢᠳᠤᠯᠢᠭ ᠬᠡᠯᠪᠡᠷᠢ ᠪᠠᠷ ᠤᠮᠠᠷᠠᠲᠤ ᠬᠢᠯᠢ ᠶᠢᠨ ᠰᠣᠶᠣᠯ ᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠰᠢᠯᠢᠳᠡᠭ ᠰᠣᠶᠣᠯ ᠢᠶᠠᠷ ᠤᠶᠤᠨ ᠰᠠᠨᠠᠭ᠎ᠠ ᠶᠢ ᠨᠢ ᠤᠮᠳᠠᠯᠠᠵᠤ᠂ ᠢᠦᠢ ᠴᠢᠤᠸᠠᠨ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠨ᠎ᠡ᠃      ᠪᠦᠬᠦ ᠲᠤᠭᠤᠷᠢᠭ ᠤᠨ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠪᠦᠬᠦ ᠺᠠᠳ᠋ᠷ᠂ ᠡᠯ᠎ᠡ ᠨᠢᠭᠡᠴᠢ ᠶᠢᠨ ᠰᠤᠷᠲᠠᠯ ᠤᠬᠠᠭᠤᠯᠭ᠎ᠠ ᠰᠣᠶᠣᠯ ᠤᠨ ᠠᠵᠢᠯ ᠤᠨ ᠬᠠᠷᠢᠭᠤᠴᠠᠯᠭᠠᠲᠠᠨ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠲᠤᠰ ᠤᠳᠠᠭᠠᠨ ᠤ ᠨᠡᠭᠡᠭᠡᠯᠲᠡ ᠲᠢ ᠬᠢᠴᠢᠶᠡᠯ ᠳᠤ ᠣᠷᠣᠯᠴᠠᠪᠠ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ