ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠡᠷᠡᠭ ᠤᠨ ᠵᠢᠱᠢᠶ᠎ᠡ ᠰᠤᠷᠭᠠᠨ ᠬᠥᠮᠥᠵᠢᠯ ᠤᠨ ᠶᠠᠮᠤᠨ ᠤ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/11/21
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ ᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠥᠪ ︽2022 — 2023 ᠣᠨ ᠤ ᠳᠤᠭᠠᠴᠢᠯᠠᠯᠳᠠ ᠪᠠᠷ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠬᠢᠭᠡᠳ ᠬᠡᠷᠡᠭᠯᠡᠭᠡᠨ ᠳᠤ ᠬᠦᠴᠦᠨ ᠨᠡᠮᠡᠷᠢᠯᠡᠭᠰᠡᠨ ᠨᠡᠶᠢᠲᠡᠯᠢᠭ ᠵᠢᠱᠢᠶ᠎ᠡ︾ ᠶᠢᠨ ᠨᠡᠷᠡᠰ ᠢ ᠨᠡᠶᠢᠲᠡᠯᠡᠪᠡ᠂ ᠡᠭᠦᠨ ᠳᠤ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠵᠥᠭᠡᠯᠡᠨ ᠲᠣᠨᠤᠭ ᠤᠨ ᠠᠵᠢᠯᠯᠠᠭᠠᠨ ᠪᠠ ᠬᠠᠮᠠᠭᠠᠯᠠᠯᠲᠠ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠦᠢᠯᠡᠳᠦᠯᠭᠡ︾ ᠭᠡᠬᠦ ᠬᠡᠷᠡᠭ ᠤᠨ ᠵᠢᠱᠢᠶ᠎ᠡ ᠨᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠬᠢᠭᠡᠳ ᠬᠡᠷᠡᠭᠯᠡᠭᠡᠨ ᠤ ᠲᠥᠷᠥᠯ ᠤᠨ ᠬᠡᠷᠡᠭ ᠤᠨ ᠵᠢᠱᠢᠶ᠎ᠡ ᠪᠠᠷ ᠠᠮᠵᠢᠯᠲᠠ ᠲᠠᠢ ᠰᠣᠩᠭᠤᠭᠳᠠᠨ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠴᠣᠷ ᠤᠨ ᠭᠠᠭᠴᠠ ᠵᠢᠱᠢᠶ᠎ᠡ ᠪᠣᠯᠵᠠᠢ᠃       ᠨᠡᠶᠢᠲᠡᠯᠢᠭ ᠵᠢᠱᠢᠶ᠎ᠡ ᠪᠠᠷ ᠰᠣᠩᠭᠤᠭᠳᠠᠭᠰᠠᠨ ᠨᠢ ᠲᠤᠰ ᠳᠡᠭᠡᠳᠦ ᠰᠤᠷᠭᠠᠭᠤᠯᠢ ᠶᠢᠨ ᠮᠡᠳᠡᠭᠡ ᠵᠠᠩᠭᠢᠵᠢᠯᠲᠠ ᠶᠢᠨ ᠠᠵᠢᠯ ᠢ ᠭᠦᠢᠴᠡᠳ ᠨᠤᠲᠠᠯᠠᠭᠰᠠᠨ ᠤ ᠬᠠᠮᠲᠤ ᠪᠠᠰᠠ ᠠᠳᠠᠯᠢ ᠲᠥᠷᠥᠯ ᠤᠨ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠮᠡᠷᠭᠡᠵᠢᠯ ᠢ ᠬᠡᠷᠡᠭᠯᠡᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠲᠥᠰᠥᠯ᠂ ᠰᠢᠨ᠎ᠡ ᠰᠡᠳᠬᠢᠴᠠ ᠬᠠᠩᠭᠠᠵᠤ᠂ ᠰᠤᠷᠭᠠᠨ ᠬᠥᠮᠦᠵᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ  ᠳᠡᠭᠡᠭᠰᠢᠯᠡᠭᠦᠯᠬᠦ ᠳᠤ ᠠᠰᠢᠭᠲᠠᠢ ᠪᠣᠯᠭᠠᠭᠰᠠᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ