| | | 11 ᠳ᠋ᠦ᠋ᠭᠡᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ | ᠪᠠᠭᠠᠴᠤᠳ ᠬᠡᠦᠬᠡᠳ ᠤᠨ ᠤᠷᠠᠨ ᠵᠢᠷᠤᠭ ᠤᠷᠠᠯᠢᠭ ᠤᠨ ᠵᠥᠪᠯᠡᠯ ᠠᠴᠠ ᠭᠤᠣᠯᠯᠠᠨ ᠡᠷᠬᠢᠯᠡᠵᠦ᠂ ᠬᠤᠳᠠ ᠶᠢᠨ ᠤᠷᠠᠨ | ᠵᠢᠷᠤᠭ ᠤᠨ ᠣᠷᠳᠣᠨ ︵ᠬᠤᠳᠠ ᠶᠢᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ︶ ᠠᠴᠠ ᠳᠠᠭᠠᠭᠠᠴᠢᠯᠠᠨ | ᠡᠷᠬᠢᠯᠡᠭᠰᠡᠨ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠪᠣᠬᠢᠷᠲᠤᠯ ᠦᠭᠡᠢ ᠬᠥᠭᠵᠢᠯᠲᠡ︾ ᠤᠯᠤᠰ ᠢᠶᠠᠨ | ᠬᠦᠴᠦᠷᠬᠡᠭᠵᠢᠭᠦᠯᠦᠨ ᠰᠡᠷᠭᠦᠭᠡᠨ ᠮᠠᠨᠳᠤᠭᠤᠯᠬᠤ ᠳᠤ ᠪᠢ ᠪᠣᠢ - ·ᠵᠠᠯᠠᠭᠤᠴᠤᠳ ᠪᠠᠭᠠᠴᠤᠳ ᠤᠨ ᠤᠷᠠᠨ ᠵᠢᠷᠤᠭ ᠤᠨ | ᠦᠵᠡᠰᠬᠦᠯᠡᠩ ᠡᠬᠢᠯᠡᠵᠡᠢ᠃ | ᠲᠣᠰ ᠤᠳᠠᠭᠠᠨ ᠤ ᠦᠵᠡᠰᠬᠦᠯᠡᠩ ᠳᠤ ᠪᠥᠬᠦ ᠬᠤᠲᠠ ᠶᠢᠨ ᠵᠠᠭᠤ ᠭᠠᠷᠤᠢ ᠵᠠᠯᠠᠭᠤᠴᠤᠳ ᠪᠠᠭᠠᠴᠤᠳ ᠤᠨ ᠵᠢᠷᠤᠭ ᠤᠨ | ᠪᠦᠲᠦᠭᠡᠯ ᠢ ᠴᠤᠭᠯᠠᠭᠤᠯᠤᠨ ᠳᠡᠯᠭᠡᠨ ᠦᠵᠡᠭᠦᠯᠵᠦ᠂ ᠵᠠᠯᠠᠭᠤᠴᠤᠳ ᠪᠠᠭᠠᠴᠤᠳ ᠤᠨ ᠬᠠᠷᠠᠭᠠᠨ ᠳᠠᠬᠢ ᠲᠥᠪ ᠬᠤᠲᠠ ᠶᠢᠨ | ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠶᠢ ᠬᠠᠷᠠᠭᠤᠯᠵᠤ᠂ ᠵᠠᠯᠠᠭᠤᠴᠤᠳ ᠪᠠᠭᠠᠴᠤᠳ ᠤᠨ ᠨᠤᠲᠤᠭ | ᠤᠰᠤ ᠪᠠᠨ ᠬᠠᠶᠢᠷᠠᠯᠠᠬᠤ ᠰᠡᠳᠬᠢᠯᠭᠡ ᠶᠢ ᠢᠯᠡᠷᠡᠭᠦᠯᠪᠡ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ |