ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠦᠢᠯᠡᠳᠪᠦᠷᠢᠯᠡᠯ ᠤᠨ 1—10 ᠳ᠋ᠤᠭᠠᠷ ᠰᠠᠷ᠎ᠠ ᠶᠢᠨ ᠠᠵᠢᠯᠯᠠᠭᠠᠨ ᠤ ᠪᠠᠶᠢᠳᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/11/22
      ︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ 11 ᠳ᠋ᠦ᠋ᠭᠡᠷ ᠰᠠᠷ᠎ᠠ ᠶᠢᠨ 21 ᠤ ᠡᠳᠦᠷ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ ᠤᠨ 1—10 ᠳ᠋ᠤᠭᠠᠷ ᠰᠠᠷ᠎ᠠ ᠶᠢᠨ ᠠᠵᠢᠯᠯᠠᠭᠠᠨ ᠤ ᠪᠠᠶᠢᠳᠠᠯ ᠢ ᠨᠡᠶᠢᠲᠡᠯᠡᠪᠡ᠃ 1—10 ᠳ᠋ᠤᠭᠠᠷ ᠰᠠᠷ᠎ᠠ ᠳᠤ᠂ ᠮᠠᠨ ᠤ ᠬᠤᠲᠠ ᠶᠢᠨ ᠭᠤᠣᠯ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠤ ᠪᠦᠳᠦᠭᠦᠯᠢᠭ ᠨᠡᠭᠦᠷᠡᠰᠦᠨ ᠤ ᠭᠠᠷᠤᠯᠲᠠ ᠦᠷᠭᠦᠯᠵᠢᠯᠡᠨ ᠨᠡᠮᠡᠭᠳᠡᠵᠦ᠂ ᠴᠠᠬᠢᠯᠭᠠᠨ ᠭᠠᠷᠭᠠᠬᠤ ᠬᠡᠮᠵᠢᠶ᠎ᠡ ᠲᠦᠷᠭᠡᠨ ᠢᠶᠠᠷ ᠨᠡᠮᠡᠭᠳᠡᠨ᠂ ᠲᠦᠭᠦᠬᠡᠢ ᠴᠢᠯᠠᠭᠤᠨ ᠲᠣᠰᠣ ᠪᠣᠯᠪᠠᠰᠤᠷᠠᠭᠤᠯᠬᠤ ᠬᠡᠮᠵᠢᠶ᠎ᠡ᠂ ᠭᠤᠣᠯ ᠪᠣᠯᠬᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠷᠤᠯᠲᠠ ᠦᠷᠭᠦᠯᠵᠢᠯᠡᠨ ᠲᠦᠷᠭᠡᠨ ᠢᠶᠠᠷ ᠨᠡᠮᠡᠭᠳᠡᠪᠡ᠃      ᠪᠦᠳᠦᠭᠦᠯᠢᠭ ᠨᠡᠭᠦᠷᠡᠰᠦᠨ ᠤ ᠭᠠᠷᠤᠯᠲᠠ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠪᠦᠳᠦᠭᠦᠯᠢᠭ ᠨᠡᠭᠦᠷᠡᠰᠦᠨ ᠤ ᠭᠠᠷᠤᠯᠲᠠ 911.3 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠲᠦᠷᠦᠭᠦᠸ ᠭᠤᠷᠪᠠᠨ ᠤᠯᠠᠷᠢᠯ ︵8.6%︶ ᠤᠨ ᠬᠢ ᠠᠴᠠ 9.1 ᠵᠠᠭᠤᠨ ᠤ ᠨᠢᠭᠡᠴᠢ ᠥᠷᠭᠡᠳᠴᠦ᠂ ᠲᠦᠷᠦᠭᠦᠸ ᠬᠠᠭᠠᠰ ᠵᠢᠯ ︵-2.2%︶ ᠤᠨ ᠬᠢ ᠠᠴᠠ 19.9 ᠵᠠᠭᠤᠨ ᠤ ᠨᠢᠭᠡᠴᠢ ᠥᠷᠭᠡᠳᠴᠡᠢ᠃ ᠪᠦᠳᠦᠭᠦᠯᠢᠭ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠠᠵᠠᠷ ᠰᠢᠷᠣᠢ ᠲᠠᠲᠠᠪᠤᠷᠢᠯᠠᠭᠰᠠᠨ ᠪᠠᠶᠢᠳᠠᠯ ᠨᠠᠮᠳᠠᠭᠰᠠᠨ ᠤ ᠨᠥᠯᠥᠭᠡ ᠪᠠᠷ᠂ 10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 122.3 ᠲᠦᠮᠡᠨ ᠲᠣᠨ ᠪᠦᠳᠦᠭᠦᠯᠢᠭ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 156.4% ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ ᠪᠠᠨ 34.7% ᠨᠡᠮᠡᠭᠳᠡᠵᠡᠢ᠃      ᠴᠠᠬᠢᠯᠭᠠᠨ ᠭᠠᠷᠭᠠᠬᠤ ᠬᠡᠮᠵᠢᠶ᠎ᠡ ᠦᠷᠭᠦᠯᠵᠢᠯᠡᠨ ᠲᠦᠷᠭᠡᠨ ᠢᠶᠠᠷ ᠨᠡᠮᠡᠭᠳᠡᠪᠡ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 594.7 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠲᠦᠷᠦᠭᠦᠸ ᠭᠤᠷᠪᠠᠨ ᠤᠯᠠᠷᠢᠯ ︵14.3%︶ ᠤᠨ ᠬᠢ ᠠᠴᠠ 0.3 ᠵᠠᠭᠤᠨ ᠤ ᠨᠢᠭᠡᠴᠢ ᠥᠷᠭᠡᠳᠴᠦ᠂ ᠳᠡᠭᠡᠷ᠎ᠡ ᠬᠠᠭᠠᠰ ᠵᠢᠯ ︵10.4%︶ ᠤᠨ ᠬᠢ ᠠᠴᠠ 4.2 ᠵᠠᠭᠤᠨ ᠤ ᠨᠢᠭᠡᠴᠢ ᠥᠷᠭᠡᠳᠴᠡᠢ᠃ ᠡᠭᠦᠨ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠢᠯᠴᠢ ᠶᠢᠨ ᠬᠦᠴᠦᠨ ᠤ ᠴᠠᠬᠢᠯᠭᠠᠨ ᠭᠠᠷᠭᠠᠭᠰᠠᠨ ᠬᠡᠮᠵᠢᠶ᠎ᠡ 543.3 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠭᠤᠷᠪᠠᠨ ᠤᠯᠠᠷᠢᠯ ︵14.1%︶ ᠤᠨ ᠬᠢ ᠠᠴᠠ 0.3 ᠵᠠᠭᠤᠨ ᠤ ᠨᠢᠭᠡᠴᠢ ᠬᠤᠷᠳᠤᠨ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠡᠪᠡᠷ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 51.4 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 16.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠭᠤᠷᠪᠠᠨ ᠤᠯᠠᠷᠢᠯ ︵16.6%︶ ᠤᠨ ᠬᠢ ᠠᠴᠠ 0.1 ᠵᠠᠭᠤᠨ ᠤ ᠨᠢᠭᠡᠴᠢ ᠤᠳᠠᠭᠠᠨ ᠪᠣᠯᠪᠠ᠃ ᠡᠭᠦᠨ ᠳᠤ᠂ ᠤᠰᠤᠨ ᠴᠠᠬᠢᠯᠭᠠᠨ᠂ ᠰᠠᠯᠬᠢᠨ ᠬᠦᠴᠦᠨ ᠤ ᠴᠠᠬᠢᠯᠭᠠᠨ ᠪᠠ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ ᠲᠣᠰ ᠲᠣᠰ 10.6᠂ 30.4 ᠪᠠ 10.4 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 2.3%᠂ 29.8% ᠪᠠ 0.8% ᠪᠠᠷ ᠨᠡᠮᠡᠭᠳᠡᠪᠡ᠃ ᠰᠠᠯᠬᠢᠨ ᠬᠦᠴᠦᠨ ᠤ ᠴᠠᠬᠢᠯᠭᠠᠨ ᠤ ᠨᠡᠮᠡᠭᠳᠡᠯ ᠤᠨ ᠬᠤᠷᠳᠤᠴᠠ ᠪᠠᠭ᠎ᠠ ᠤᠳᠠᠭᠠᠰᠢᠷᠠᠭᠰᠠᠨ ᠢ ᠭᠠᠷᠭᠠᠪᠠᠯ᠂ ᠤᠰᠤᠨ ᠴᠠᠬᠢᠯᠭᠠᠨ ᠪᠣᠯᠣᠨ ᠨᠡᠷᠡᠨ ᠡᠨᠧᠷᠭᠢ ᠶᠢᠨ ᠴᠠᠬᠢᠯᠭᠠᠨ ᠭᠠᠷᠭᠠᠯᠲᠠ ᠲᠦᠷᠦᠭᠦᠦ ᠭᠤᠷᠪᠠᠨ ᠤᠯᠠᠷᠢᠯ ᠤᠨ ᠨᠡᠮᠡᠭᠳᠡᠯ ᠤᠨ ᠬᠤᠷᠳᠤᠴᠠ ᠪᠠᠭᠤᠷᠠᠵᠤ ᠪᠠᠶᠢᠭᠰᠠᠨ ᠪᠠᠶᠢᠳᠠᠯ ᠢ ᠬᠤᠪᠢᠷᠠᠭᠤᠯᠪᠠ᠃      ᠲᠦᠭᠦᠬᠡᠢ ᠴᠢᠯᠠᠭᠤᠨ ᠲᠤᠰᠤᠨ ᠤ ᠪᠣᠯᠪᠠᠰᠤᠷᠠᠭᠤᠯᠬᠤ ᠬᠡᠮᠵᠢᠶ᠎ᠡ ᠶᠢᠨ ᠨᠡᠮᠡᠭᠳᠡᠯ ᠤᠨ ᠬᠡᠮᠵᠢᠶ᠎ᠡ ᠥᠷᠭᠡᠳᠴᠦ᠂ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠭᠠᠷᠤᠯᠲᠠ ᠲᠦᠷᠭᠡᠨ ᠢᠶᠠᠷ ᠨᠡᠮᠡᠭᠳᠡᠪᠡ᠃ 1—10 ᠳ᠋ᠤᠭᠠᠷ ᠰᠠᠷ᠎ᠠ ᠳᠤ᠂ ᠮᠠᠨ ᠤ ᠬᠤᠲᠠ ᠶᠢᠨ ᠲᠦᠭᠦᠬᠡᠢ ᠴᠢᠯᠠᠭᠤᠨ ᠲᠣᠰᠣ ᠪᠣᠯᠪᠠᠰᠤᠷᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 41.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠭᠤᠷᠪᠠᠨ ᠤᠯᠠᠷᠢᠯ ᠤᠨ ᠬᠢ ᠠᠴᠠ 6.0 ᠵᠠᠭᠤᠨ ᠤ ᠨᠢᠭᠡᠴᠢ ᠤᠳᠠᠭᠠᠰᠢᠷᠠᠪᠠ᠃ 10 ᠳ᠋ᠤᠭᠠᠷ ᠰᠠᠷ᠎ᠠ ᠳᠤ᠂ ᠲᠦᠭᠦᠬᠡᠢ ᠴᠢᠯᠠᠭᠤᠨ ᠲᠣᠰᠣ ᠪᠣᠯᠪᠠᠰᠤᠷᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠵᠦ᠂ ᠦᠢᠯᠡᠳᠪᠦᠷᠢᠯᠡᠯ ᠤᠨ ᠲᠥᠯᠥᠪᠯᠡᠭᠡ ᠶᠢᠨ ᠨᠥᠯᠥᠭᠡᠯᠡᠯ ᠢᠶᠠᠷ ᠲᠦᠷᠦᠭᠦᠸ ᠰᠠᠷ᠎ᠠ ᠶᠢᠨ  ᠬᠢ ᠠᠴᠠ ᠪᠠᠨ 5.0% ᠪᠠᠷ ᠪᠠᠭᠤᠷᠠᠪᠠ᠃ ᠨᠢᠳᠤᠨᠤᠨ ᠤ ᠠᠳᠠᠯᠢ ᠬᠤᠭᠤᠴᠠᠭᠠᠨ ᠳᠤ ᠲᠦᠭᠦᠬᠡᠢ ᠴᠢᠯᠠᠭᠤᠨ ᠲᠣᠰᠣ ᠪᠣᠯᠪᠠᠰᠤᠷᠠᠭᠤᠯᠬᠤ ᠠᠵᠤ ᠠᠬᠤᠶᠢᠯᠠᠯ ᠪᠠᠶᠢᠴᠠᠭᠠᠨ ᠰᠡᠯᠪᠢᠯᠲᠡ ᠬᠢᠭᠰᠡᠨ ᠠᠴᠠ ᠪᠣᠯᠵᠤ᠂ ᠠᠳᠠᠯᠢ ᠬᠤᠭᠤᠴᠠᠭᠠᠨ ᠤ ᠲᠤᠭ᠎ᠠ ᠨᠢ ᠨᠡᠯᠢᠶᠡᠳ ᠳᠣᠣᠷ᠎ᠠ ᠪᠣᠯᠵᠤ᠂ ᠡᠨᠡ ᠵᠢᠯ ᠬᠡᠪ ᠤᠨ ᠪᠠᠶᠢᠳᠠᠯ ᠢᠶᠠᠷ ᠦᠢᠯᠡᠳᠪᠦᠷᠢᠯᠡᠵᠦ᠂ ᠮᠠᠨ ᠤ ᠬᠤᠲᠠ ᠶᠢᠨ ᠭᠤᠣᠯ ᠪᠣᠯᠬᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠷᠤᠯᠲᠠ ᠠᠳᠠᠯᠢ ᠬᠤᠭᠤᠴᠠᠭᠠᠨ ᠤ  ᠬᠢ ᠠᠴᠠ ᠲᠦᠷᠭᠡᠨ ᠢᠶᠠᠷ ᠨᠡᠮᠡᠭᠳᠡᠪᠡ᠃ ᠴᠢᠶ᠋ᠢᠦ ᠲᠣᠰᠣᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 34.0% ᠨᠡᠮᠡᠭᠳᠡᠪᠡ︔ ᠮᠧᠶᠢᠶ᠋ᠢᠦ ᠲᠣᠰᠣᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 127.8% ᠪᠠᠷ ᠨᠡᠮᠡᠭᠳᠡᠪᠡ ᡽ ᠴᠠᠶᠢᠶ᠋ᠢᠦ ᠲᠣᠰᠣᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 49.8% ᠪᠠᠷ ᠨᠡᠮᠡᠭᠳᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ