ᠪᠥᠬᠦ ᠬᠤᠲᠠ ᠶᠢᠨ 158 ᠵᠠᠰᠠᠭ ᠵᠠᠬᠢᠷᠭᠠᠨ ᠤ ᠡᠷᠬᠡ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯ ᠢ ᠦᠨᠳᠦᠰᠦᠨ ᠱᠠᠲᠤᠨ ᠳᠤ ᠪᠠᠭᠤᠯᠭᠠᠪᠠ
ᠨᠡᠶᠢᠲᠡᠯᠡᠭᠰᠡᠨ ᠴᠠᠭ᠄
2023/11/22
      ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠠᠴᠠ ᠨᠠᠭᠠᠰᠢ᠂ ᠮᠠᠨ ᠤ ᠬᠤᠲᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠰᠢᠭᠤᠳ ᠳᠣᠷᠣᠭᠰᠢ ᠪᠠᠭᠤᠯᠭᠠᠬᠤ᠂ ᠨᠠᠶᠢᠳᠠᠨ ᠬᠡᠷᠡᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠬᠤᠲᠠ ᠶᠢᠨ 20 ᠰᠠᠯᠠᠭ᠎ᠠ ᠮᠥᠴᠢᠷ ᠤᠨ 158 ᠵᠦᠢᠯ ᠤᠨ ᠵᠠᠰᠠᠭ ᠵᠠᠬᠢᠷᠭᠠᠨ ᠤ ᠡᠷᠬᠡ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯ ᠢ ᠦᠨᠳᠦᠰᠦᠨ ᠱᠠᠲᠤᠨ ᠳᠤ ᠪᠠᠭᠤᠯᠭᠠᠵᠤ᠂ ᠮᠡᠳᠡᠭᠳᠡᠬᠦ ᠠᠮᠠᠯᠠᠬᠤ᠂ ᠳᠤᠲᠠᠭᠤ ᠶᠢ ᠪᠠᠭᠲᠠᠭᠠᠨ ᠭᠥᠯᠢᠶᠡᠨ ᠠᠪᠴᠤ ᠰᠢᠢᠳᠪᠦᠷᠢᠯᠡᠬᠦ ᠪᠠ ︽ᠦᠨᠡᠮᠯᠡᠯ ᠦᠵᠡᠬᠦ ᠦᠭᠡᠢ ᠭᠦᠢᠴᠡᠳᠬᠡᠬᠦ︾ ᠵᠡᠷᠭᠡ ᠠᠷᠭ᠎ᠠ ᠮᠠᠶ᠋ᠢᠭ ᠢ ᠠᠪᠴᠤ᠂ ᠲᠤᠰᠢᠶᠠᠬᠤ ᠴᠢᠬᠤᠯᠠ ᠲᠠᠢ ᠮᠠᠲ᠋ᠧᠷᠢᠶᠠᠯ ᠢ 800 ᠬᠤᠪᠢ ᠬᠠᠰᠤᠵᠤ᠂ ᠭᠦᠢᠴᠡᠳᠬᠡᠬᠦ ᠭᠤᠭᠴᠤᠭ᠎ᠠ ᠶᠢ 338 ᠬᠤᠪᠢ ᠪᠠᠭᠠᠰᠬᠠᠵᠤ᠂ ᠠᠮᠠᠯᠠᠯᠲᠠ ᠶᠢᠨ ᠶᠡᠷᠦᠩᠬᠡᠢ ᠴᠠᠭ ᠤᠨ ᠬᠢᠵᠠᠭᠠᠷ ᠢ 76% ᠪᠠᠷ ᠪᠠᠭᠠᠰᠬᠠᠪᠠ᠃      ᠡᠭᠦᠨ ᠤ ᠬᠠᠮᠲᠤ᠂ 14 ᠰᠠᠯᠠᠭ᠎ᠠ ᠮᠥᠴᠢᠷ ᠤᠨ 121 ᠵᠦᠢᠯ ᠤᠨ ᠬᠠᠷᠢᠯᠴᠠᠭᠠᠨ ᠤ ᠲᠤᠬᠠᠶᠢᠯᠠᠭᠰᠠᠨ ᠠᠵᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠭᠤᠭᠴᠤᠭ᠎ᠠ ᠶᠢ 15% ᠪᠠᠷ ᠪᠠᠭᠠᠰᠬᠠᠨ᠂ ᠲᠤᠰᠢᠶᠠᠬᠤ ᠴᠢᠬᠤᠯᠠ ᠲᠠᠢ ᠮᠠᠲ᠋ᠧᠷᠢᠶᠠᠯ ᠢ 18.9% ᠪᠠᠷ ᠴᠣᠮᠬᠠᠳᠬᠠᠵᠤ᠂ ᠴᠠᠭ ᠤᠨ ᠬᠢᠵᠠᠭᠠᠷ ᠢ 37% ᠪᠠᠷ ᠪᠠᠭᠠᠰᠬᠠᠨ᠂ ︽ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ︾ ᠪᠠᠶᠢᠬᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ