ᠬᠥᠬᠡᠬᠤᠲᠠ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠨ ᠠᠰᠢᠭᠯᠠᠵᠦ ᠪᠠᠶᠢᠨ᠎ᠠ
ᠨᠡᠶᠢᠲᠡᠯᠡᠭᠰᠡᠨ ᠴᠠᠭ᠄
2023/11/22
      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠲᠦᠷᠦᠬᠦᠬᠡᠨ ᠬᠤᠷᠠᠯᠳᠤᠭᠤᠯᠤᠭᠰᠠᠨ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠬᠥᠬᠡᠬᠤᠲᠠ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠶᠢ ᠬᠦᠴᠦᠯᠡᠨ ᠴᠢᠩᠭᠠᠳᠭᠠᠵᠤ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠤᠨ ᠠᠭᠤᠯᠤᠭᠳᠠᠬᠤᠨ ᠢ ᠠᠭᠤᠳᠠᠯᠤᠨ᠂ ᠰᠤᠷᠭᠠᠨ ᠬᠥᠮᠦᠵᠢᠯ ᠤᠨ ᠴᠢᠳᠠᠮᠵᠢ ᠶᠢ ᠪᠠᠳᠠᠷᠠᠭᠤᠯᠬᠤ ᠶᠢ ᠴᠢᠩᠭᠠᠳᠭᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠤᠪᠢᠰᠬᠠᠯ ᠤᠨ ᠳᠤᠷᠠᠰᠬᠠᠯᠲᠤ ᠵᠦᠢᠯᠡᠰ ᠢ ᠰᠠᠶᠢᠲᠤᠷ ᠬᠠᠮᠠᠭᠠᠯᠠᠵᠤ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠣᠶᠤᠨ ᠰᠠᠨᠠᠭᠠᠨ ᠤ ᠬᠦᠴᠦᠨ ᠴᠢᠳᠠᠯ ᠢ ᠨᠡᠩ ᠰᠠᠶᠢᠨ ᠬᠥᠭᠵᠢᠭᠡᠵᠦ ᠪᠠᠶᠢᠨ᠎ᠠ᠃      ᠬᠥᠬᠡᠬᠤᠲᠠ ᠳᠤ 106 ᠬᠤᠪᠢᠰᠬᠠᠯ ᠤᠨ ᠪᠠᠭᠤᠷᠢ ᠲᠠᠢ ᠪᠠᠶᠢᠵᠤ᠂ ᠡᠭᠦᠨ ᠳᠤ ᠤᠯᠤᠰ ᠤᠨ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 16 ᠪᠣᠶ᠃ ᠬᠦᠬᠡᠬᠤᠲᠠ ᠳᠤ ᠣᠳᠣ ᠰᠢᠯᠵᠢᠭᠦᠯᠵᠦ ᠪᠣᠯᠬᠤ ᠬᠤᠪᠢᠰᠬᠠᠯ ᠤᠨ ᠳᠤᠷᠠᠰᠬᠠᠯᠲᠤ ᠵᠦᠢᠯᠡᠰ 3200 ᠪᠠᠶᠢᠵᠤ᠂ ᠡᠭᠦᠨ ᠳᠤ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ 69 ᠪᠠᠶᠢᠵᠤ᠂ 2 ᠪᠦᠯᠦᠭ 20 ᠲᠡᠦᠬᠡ ᠶᠢᠨ ᠳᠤᠷᠠᠰᠬᠠᠯᠲᠤ ᠵᠦᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠲᠤ ᠵᠢᠭᠰᠠᠭᠠᠭᠳᠠᠪᠠ᠃ ᠡᠶᠢᠨ ᠬᠦ ᠡᠯᠪᠡᠭ ᠪᠠᠶᠠᠯᠢᠭ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢᠶᠠᠨ ᠰᠠᠶᠢᠲᠤᠷ ᠬᠠᠮᠠᠭᠠᠯᠠᠵᠤ ᠰᠠᠶᠢᠲᠤᠷ ᠠᠰᠢᠬᠯᠠᠵᠤ ᠰᠠᠶᠢᠲᠤᠷ ᠬᠦᠭᠵᠢᠬᠦᠯᠬᠦ ᠶᠢᠨ ᠲᠦᠯᠦᠬᠡ ᠬᠥᠬᠡᠬᠤᠲᠠ ᠬᠤᠪᠢᠰᠬᠠᠯ ᠤᠨ ᠰᠣᠶᠣᠯ ᠢ ᠬᠠᠮᠠᠭᠠᠯᠠᠵᠤ ᠠᠰᠢᠭᠯᠠᠬᠤ ᠶᠡᠷᠦᠩᠬᠡᠢ ᠲᠥᠯᠥᠪᠵᠢᠭᠦᠯᠭᠡ᠂ ᠬᠤᠷᠸ᠎ᠠ ᠵᠢᠯᠤᠭᠤᠳᠤᠯᠭ᠎ᠠ ᠪᠣᠯᠤᠨ ᠲᠦᠷᠢᠮ ᠤᠨ ᠪᠠᠶᠢᠭᠤᠯᠤᠯᠲᠠ ᠪᠠᠨ ᠴᠢᠩᠭᠠᠳᠭᠠᠵᠤ᠂ ᠬᠤᠲᠠ ᠰᠢᠶᠠᠨ ᠰᠢᠶᠠᠩ ᠭᠤᠷᠪᠠᠨ ᠱᠠᠲᠤᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠪᠦᠬᠦ ᠬᠤᠳᠠ ᠶᠢᠨ ᠬᠤᠪᠢᠰᠬᠠᠯ ᠤᠨ ᠰᠣᠶᠣᠯ ᠢ ᠬᠠᠮᠠᠭᠠᠯᠠᠵᠤ ᠠᠰᠢᠭᠯᠠᠬᠤ ᠠᠵᠢᠯ ᠢ ᠬᠦᠴᠦᠲᠡᠢ ᠠᠬᠢᠭᠤᠯᠪᠠ᠃ ᠤᠷᠢᠳ ᠬᠤᠵᠢᠳ 7000 ᠭᠠᠷᠤᠢ ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠭᠠᠷᠭᠠᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠤ ᠬᠡᠷᠡᠭᠯᠡᠵᠦ᠂ ᠤᠯᠠᠭᠠᠨᠬᠦᠦ ᠶᠢᠨ ᠬᠠᠭᠤᠴᠢᠨ ᠰᠠᠭᠤᠴᠠ᠂ ᠴᠠᠭᠠᠨ ᠰᠤᠪᠤᠷᠭ᠎ᠠ ᠭᠠᠯᠲᠤ ᠲᠡᠷᠭᠡᠨ ᠥᠷᠲᠡᠭᠡᠨ ᠤ ᠪᠠᠭᠤᠷᠢ ᠶᠢᠨ ᠤᠯᠤᠰ ᠤᠨ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠵᠠᠯᠭᠠᠭ᠎ᠠ ᠪᠠᠷ ᠪᠡᠶᠡᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠥᠰᠢᠶ᠎ᠡ ᠶᠢ 92 ᠪᠣᠰᠬᠠᠪᠠ᠃      ᠬᠦᠬᠡᠬᠤᠳᠠ ᠪᠠᠰᠠ ᠬᠤᠪᠢᠰᠬᠠᠯ ᠤᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠬᠦ ᠲᠦᠪᠰᠢᠨ ᠢᠶᠠᠨ ᠳᠡᠭᠡᠭᠰᠢᠯᠡᠭᠦᠯᠵᠦ᠂ ᠬᠤᠪᠢᠰᠬᠠᠯ ᠤᠨ ᠳᠤᠷᠠᠰᠬᠠᠯᠲᠤ ᠵᠦᠢᠯᠡᠰ᠂ ᠰᠤᠷᠪᠤᠯᠵᠢ ᠪᠢᠴᠢᠭ᠂ ᠲᠠᠩᠰᠠ ᠡᠪᠬᠡᠮᠡᠯ᠂ ᠲᠡᠦᠬᠡ ᠶᠢᠨ ᠮᠠᠲ᠋ᠧᠷᠢᠶᠠᠯ ᠢ ᠠᠭᠤᠳᠠᠯᠬᠤ᠂ ᠡᠮᠬᠢᠯᠡᠬᠦ ᠪᠠ ᠰᠤᠳᠤᠯᠬᠤ ᠡᠷᠴᠢᠮ ᠢ ᠴᠢᠩᠭᠠᠷᠠᠭᠤᠯᠤᠨ᠂ ᠠᠰᠢᠭᠯᠠᠬᠤ ᠠᠷᠭ᠎ᠠ ᠵᠠᠮ ᠢ ᠪᠦᠲᠦᠮᠵᠢᠲᠡᠶ ᠥᠷᠭᠡᠳᠭᠡᠵᠦ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠬᠥᠮᠦᠵᠢᠯ ᠤᠨ ᠰᠠᠭᠤᠷᠢᠨ ᠪᠣᠯᠭᠠᠨ ᠪᠥᠲᠥᠭᠡᠨ ᠪᠠᠶᠢᠭᠤᠯᠬᠤ ᠶᠢ ᠴᠢᠩᠭᠠᠳᠬᠠᠪᠡ᠃ ᠤᠳᠤ ᠬᠦᠬᠡᠬᠤᠲᠠ ᠳᠤ ᠬᠤᠪᠢᠰᠬᠠᠯ ᠤᠨ ᠳᠤᠷᠠᠰᠬᠠᠯᠲᠤ ᠵᠦᠢᠯᠡᠰ ᠤᠨ ᠲᠠᠯᠠᠪᠤᠷ ᠲᠤ ᠲᠦᠰᠢᠭᠯᠡᠭᠰᠡᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ 31 ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ 19 ᠪᠤᠢ᠃ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ ︽ᠬᠤᠪᠢᠰᠬᠠᠯ ᠤᠨ + ᠪᠣᠬᠢᠷᠲᠤᠯ ᠥᠬᠡᠶ︾᠂ ︽ᠬᠤᠪᠢᠰᠬᠠᠯ ᠤᠨ + ᠬᠥᠳᠡᠭᠡ ᠲᠣᠰᠬᠤᠨ︾᠂ ︽ᠬᠤᠪᠢᠰᠬᠠᠯ ᠤᠨ + ᠰᠤᠳᠤᠯᠤᠨ ᠰᠤᠷᠤᠯᠴᠠᠬᠤ︾᠂ ︽ᠬᠤᠪᠢᠰᠬᠠᠯ ᠤᠨ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠶᠡᠭᠡ ᠪᠠᠷ ᠬᠥᠭᠵᠢᠭᠦᠯᠪᠡ᠃ ᠤᠳᠤ ᠬᠦᠬᠡᠬᠤᠲᠠ ᠳᠤ ᠬᠤᠪᠢᠰᠬᠠᠯ ᠤᠨ ᠬᠦᠮᠦᠵᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ 30 ᠭᠠᠷᠤᠶ ᠪᠠᠶᠢᠵᠤ᠂ ᠡᠭᠦᠨ ᠳᠤ ᠤᠯᠠᠭᠠᠨᠬᠦᠦ ᠶᠢᠨ ᠳᠤᠷᠠᠰᠬᠠᠯ ᠤᠨ ᠣᠷᠳᠣᠨ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠬᠦᠮᠦᠵᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠯᠤᠤ ᠨᠢᠤ ᠫᠦᠸᠧ ᠶᠢᠨ ᠬᠤᠪᠢᠰᠬᠠᠯ ᠤᠨ ᠬᠦᠮᠦᠵᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠤᠯᠤᠰ ᠤᠨ ᠲᠠᠰ ᠤᠨ ᠬᠤᠪᠢᠰᠬᠠᠯ ᠤᠨ ᠬᠦᠮᠦᠵᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ 7 ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ