| | | ᠮᠦᠽᠧᠢ ᠶᠢᠨ ᠨᠡᠶᠢᠭᠡᠮ ᠤᠨ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠣᠯᠠᠨ ᠨᠡᠶᠢᠲᠡ ᠳᠤ | ᠦᠢᠯᠡᠴᠢᠯᠡᠬᠦ ᠠᠷᠭ᠎ᠠ ᠵᠠᠮ ᠢ ᠥᠷᠭᠡᠳᠬᠡᠨ᠂ ᠨᠡᠶᠢᠭᠡᠮ ᠨᠡᠶᠢᠲᠡ ᠶᠢᠨ ᠰᠡᠯᠡᠭᠦᠴᠡᠯ ᠤᠨ ᠰᠣᠶᠣᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 11 ᠳ᠋ᠦ᠋ᠭᠡᠷ | ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠮᠦᠽᠧᠢ ᠠᠴᠠ ᠥᠪᠥᠷ ᠮᠣᠩᠭᠤᠯ ᠤᠨ ᠨᠣᠮ ᠤᠨ ᠰᠠᠩ ᠲᠠᠢ ᠬᠠᠮᠲᠤᠷᠠᠨ ᠥᠪᠥᠷ ᠮᠣᠩᠭᠤᠯ ᠤᠨ | ᠮᠦᠽᠧᠢ ᠳᠤ ᠥᠪᠥᠷ ᠮᠣᠩᠭᠤᠯ ᠤᠨ ᠨᠣᠮ ᠤᠨ ᠰᠠᠩ ᠤᠨ ᠬᠤᠪᠢᠶᠠᠷᠢ ᠨᠣᠮ ᠤᠨ ᠰᠠᠩ ︱ ︽ᠥᠪᠥᠷ ᠮᠣᠩᠭᠤᠯ ᠤᠨ ᠮᠦᠽᠧᠢ ᠶᠢᠨ ᠤᠩᠰᠢᠯᠭ᠎ᠠ ᠶᠢᠨ | ᠥᠷᠥᠭᠡ︾ ᠶᠢ ᠵᠢᠩᠬᠢᠨᠢ ᠪᠠᠷ ᠲᠥᠯᠥᠪᠦᠷᠢ ᠦᠭᠡᠢ ᠪᠠᠷ ᠨᠡᠶᠢᠭᠡᠮ ᠨᠡᠶᠢᠲᠡ ᠳᠤ ᠨᠡᠭᠡᠭᠡᠪᠡ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠮᠦᠽᠧᠢ ᠶᠢᠨ ︽ᠥᠪᠥᠷ ᠮᠣᠩᠭᠤᠯ ᠤᠨ ᠮᠦᠽᠧᠢ ᠶᠢᠨ ᠤᠩᠰᠢᠯᠭ᠎ᠠ ᠶᠢᠨ ᠥᠷᠥᠭᠡ︾ ᠳᠤ ᠣᠲᠣ | ᠭᠤᠷᠪᠠᠨ ᠮᠢᠩᠭ᠎ᠠ ᠰᠢᠬᠠᠮ ᠳᠡᠪᠲᠡᠷ ᠨᠣᠮ ᠬᠠᠳᠠᠭᠠᠯᠠᠵᠤ ᠪᠣᠶ᠂ ᠲᠥᠷᠥᠯ ᠵᠦᠢᠯ ᠨᠢ ᠪᠦᠷᠢᠨ᠂ ᠠᠭᠤᠯᠭ᠎ᠠ ᠨᠢ ᠰᠢᠨ᠎ᠡ ᠪᠥᠭᠡᠳ ᠪᠠᠶᠠᠯᠢᠭ ᠪᠠᠶᠢᠵᠤ᠂ ᠭᠤᠣᠯᠳᠠᠭᠤ | ᠲᠡᠦᠬᠡ ᠬᠠᠭᠤᠴᠢ ᠰᠤᠳᠤᠯᠤᠯ᠂ ᠬᠥᠮᠥᠨ ᠨᠡᠶᠢᠭᠡᠮ ᠭᠠᠵᠠᠷ ᠵᠦᠢ᠂ ᠤᠳᠬ᠎ᠠ ᠵᠣᠬᠢᠶᠠᠯ ᠤᠷᠠᠯᠢᠭ᠂ ᠬᠠᠤᠯᠢ ᠴᠠᠭᠠᠵᠠ ᠤᠯᠤᠰ ᠲᠥᠷᠥ᠂ ᠵᠠᠯᠠᠭᠤᠴᠤᠳ | ᠪᠠᠭᠠᠴᠤᠳ ᠤᠨ ᠰᠤᠷᠭᠠᠨ ᠬᠥᠮᠦᠵᠢᠯ ᠵᠡᠷᠭᠡ ᠣᠯᠠᠨ ᠲᠥᠷᠥᠯ ᠤᠨ ᠨᠣᠮ ᠪᠢᠴᠢᠭ ᠤᠳ ᠪᠠᠶᠢᠵᠤ᠂ ᠠᠳᠠᠯᠢ ᠪᠤᠰᠤ ᠲᠠᠰ ᠳᠠᠪᠬᠤᠷᠭ᠎ᠠ ᠶᠢᠨ ᠣᠯᠠᠨ ᠲᠦᠮᠡᠨ ᠤ | ᠤᠩᠰᠢᠯᠭ᠎ᠠ ᠶᠢᠨ ᠬᠡᠷᠡᠭᠴᠡᠭᠡ ᠶᠢ ᠨᠠᠩ ᠰᠠᠶᠢᠨ ᠬᠠᠩᠭᠠᠵᠤ ᠴᠢᠳᠠᠨ᠎ᠠ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ | |