ᠾᠧ ᠬᠠᠢ ᠳ᠋ᠦᠩ ᠪᠦᠬᠦ ᠳᠤᠮᠳᠠᠳᠤ ᠶᠢᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠪᠠᠶᠢᠩᠭᠤ ᠶᠢᠨ ᠭᠡᠰᠢᠭᠦᠨ᠂ ᠢ ᠬᠠᠢ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠸᠠᠩ ᠯᠢᠨ ᠳ᠋ᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2023/11/24
      ︵ᠰᠤᠷᠪᠤᠯᠵᠢᠯᠠᠭᠴᠢ ᠠᠷᠢᠭᠤᠨ᠎ᠠ︶ 11 ᠳ᠋ᠦ᠋ᠭᠡᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠪᠦᠬᠦ ᠳᠤᠮᠳᠠᠳᠤ ᠶᠢᠨ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠪᠠᠶᠢᠩᠭᠤ ᠶᠢᠨ ᠭᠡᠰᠢᠭᠦᠨ᠂ ᠢ ᠬᠠᠢ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠸᠠᠩ ᠯᠢᠨ ᠳ᠋ᠡ ᠨᠠᠷ ᠲᠠᠢ ᠠᠭᠤᠯᠵᠠᠪᠠ᠃      ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠲᠡᠷᠢᠭᠦᠯᠡᠭᠴᠢ ᠸᠠᠩ ᠬᠤᠩ ᠬᠤᠸᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠣᠷᠣᠯᠴᠠᠪᠠ᠃      ᠾᠧ ᠬᠠᠢ ᠳ᠋ᠦᠩ ᠸᠠᠩ ᠯᠢᠨ ᠳ᠋ᠡ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠠᠮᠢ ᠠᠬᠤᠢ᠂ ᠣᠷᠣᠨ ᠪᠠᠶᠢᠷᠢ᠂ ᠡᠬᠢ ᠪᠠᠶᠠᠯᠢᠭ᠂ ᠲᠦᠷᠦ ᠶᠢᠨ ᠪᠣᠳᠣᠯᠭ᠎ᠠ ᠵᠡᠷᠭᠡ ᠲᠠᠯ᠎ᠠ ᠪᠠᠷ ᠬᠥᠬᠡᠬᠤᠲᠠ ᠶᠢᠨ ᠳᠠᠪᠠᠭᠤᠯᠢᠭ ᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ ᠬᠤᠪᠢ ᠳᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠣᠷᠣᠨ ᠤ ᠲᠥᠪ ᠤᠨ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠴᠢᠭᠯᠡᠯ ᠢ ᠣᠨᠣᠪᠴᠢᠲᠠᠶ ᠲᠣᠭᠲᠠᠭᠠᠵᠤ᠂ ᠣᠨᠴᠠᠯᠢᠭ ᠢᠶᠠᠷ ᠢᠯᠡ ᠲᠣᠳᠣ᠂ ᠥᠷᠢᠰᠦᠯᠳᠦᠬᠦ ᠬᠦᠴᠦᠨ ᠢᠶᠠᠷ ᠴᠢᠩᠭ᠎ᠠ ᠰᠦ ᠶᠢᠨ ᠦᠢᠯᠡᠰ᠂ ᠲᠣᠮᠣ ᠳ᠋ᠠᠶᠢᠲ᠋ᠠ ᠶᠢᠨ ᠠᠵᠤ ᠦᠢᠯᠡᠰ᠂ ᠴᠠᠬᠢᠭᠤᠷ ᠮᠠᠲ᠋ᠧᠷᠢᠶᠠᠯ ᠤᠨ ᠠᠵᠤ ᠦᠢᠯᠡᠰ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ᠂ ᠠᠷᠢᠭᠤᠨ ᠴᠡᠪᠡᠷ ᠡᠨᠧᠷᠭᠢ ᠶᠢᠨ ᠠᠵᠤ ᠦᠢᠯᠡᠰ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠵᠡᠷᠭᠡ ᠵᠢᠷᠭᠤᠭᠠᠨ ᠶᠡᠭᠡ ᠠᠵᠤ ᠦᠢᠯᠡᠰ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠥᠭᠡᠮᠨᠡᠷᠡᠯ ᠢ ᠭᠤᠣᠯᠳᠠᠯᠭ᠎ᠠ ᠲᠠᠢ ᠪᠣᠶᠢᠵᠢᠭᠤᠯᠵᠤ ᠂ ᠬᠥᠭᠵᠢᠯᠲᠡ ᠶᠢᠨ ᠳᠠᠯᠳᠠ ᠬᠦᠴᠦᠨ ᠮᠠᠰᠢ ᠶᠡᠭᠡ ᠪᠠᠶᠢᠨ᠎ᠠ᠃ ᠢ ᠬᠠᠢ ᠪᠦᠯᠦᠭᠯᠡᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠤᠷᠭᠠᠨ ᠬᠥᠮᠦᠵᠢᠯ ᠤᠨ ᠬᠥᠭᠵᠢᠯᠲᠡ ᠵᠡᠷᠭᠡ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠦᠢᠯᠡᠰ ᠲᠤ ᠢᠳᠡᠪᠬᠢᠲᠡᠢ ᠣᠷᠣᠯᠴᠠᠵᠤ᠂ ᠬᠠᠮᠲᠤᠪᠠᠷ ᠠᠰᠢᠭ ᠬᠦᠷᠲᠡᠵᠦ᠂ ᠨᠡᠩ ᠤᠯᠠᠨ ᠬᠠᠷᠢᠶᠠᠲᠤ ᠶᠢᠨ ᠬᠤᠳᠠᠯᠳᠤᠭᠠᠴᠢᠨ ᠬᠠᠷᠢᠶᠠᠲᠤ ᠶᠢᠨ ᠠᠵᠤ ᠠᠬᠤᠶᠢᠯᠠᠯ ᠤᠨ ᠬᠥᠬᠡᠬᠤᠲᠠ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠳᠠᠶᠢᠴᠢᠯᠠᠬᠤ ᠶᠢ ᠬᠦᠰᠡᠵᠦ ᠪᠠᠶᠢᠨ᠎ᠠ ᠭᠡᠵᠡᠢ᠃      ᠸᠠᠩ ᠯᠢᠨ ᠳ᠋ᠡ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠵᠢᠴᠢ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠳᠠᠪᠠᠭᠤᠯᠢᠭ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠢᠯᠢᠳᠡᠭ᠂ ᠰᠠᠶᠢᠨ ᠰᠠᠶᠢᠬᠠᠨ ᠬᠥᠭᠵᠢᠯᠲᠡ ᠶᠢᠨ ᠰᠠᠭᠤᠷᠢ ᠪᠠ ᠬᠥᠭᠵᠢᠯᠲᠡ ᠶᠢᠨ ᠳᠠᠯᠳᠠ ᠬᠦᠴᠦᠨ ᠲᠠᠢ ᠶᠤᠮ᠃ ᠢ ᠬᠠᠢ ᠪᠦᠯᠦᠭᠯᠡᠯ ᠤᠯᠠᠮ ᠨᠢᠭᠡ ᠠᠯᠬᠤᠮ ᠭᠦᠨᠵᠡᠭᠡᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠬᠥᠬᠡᠬᠤᠲᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠵᠣᠯᠭᠠᠭᠤᠯᠵᠤ᠂ ᠲᠤᠰ ᠪᠡᠶ᠎ᠡ ᠶᠢᠨ ᠪᠡᠯᠡ ᠮᠥᠩᠭᠦ᠂ ᠴᠢᠳᠠᠪᠤᠷᠢᠲᠠᠨ᠂ ᠬᠠᠮᠢᠶᠠᠷᠤᠯᠲᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠳᠤ ᠬᠠᠮᠲᠤᠷᠠᠯᠴᠠᠭᠠᠨ ᠤ ᠠᠵᠠ ᠲᠣᠬᠢᠶᠠᠯ ᠢ ᠢᠳᠡᠪᠬᠢᠲᠡᠢ ᠡᠷᠢᠯᠬᠢᠯᠡᠵᠦ᠂ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ ᠭᠡᠵᠡᠢ᠃      ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠳᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠷᠢᠨᠭᠡᠷ ᠰᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ