1—10 ᠳ᠋ᠤᠭᠠᠷ ᠰᠠᠷ᠎ᠠ ᠳᠤ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠡᠳ᠋ ᠤᠨ ᠵᠠᠬ᠎ᠠ ᠳᠡᠯᠭᠡᠭᠦᠷ ᠲᠤ ᠲᠠᠪᠤᠨ ᠶᠡᠭᠡ ᠣᠨᠴᠠᠯᠢᠭ ᠢᠯᠡᠷᠡᠪᠡ
ᠨᠡᠶᠢᠲᠡᠯᠡᠭᠰᠡᠨ ᠴᠠᠭ᠄
2023/11/24
ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠤᠷᠳᠤᠴᠠ ᠴᠥᠮ ᠪᠥᠬᠦ ᠣᠷᠣᠨ ᠤ ᠲᠡᠷᠢᠭᠦᠨ ᠳᠤ ᠣᠷᠣᠪᠠ      ︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠮᠠᠨ ᠤ ᠬᠤᠲᠠ ᠨᠡᠮᠡᠭᠳᠡᠯ ᠢ ᠲᠣᠭᠲᠠᠪᠤᠷᠢᠵᠢᠭᠤᠯᠵᠤ᠂ ᠬᠡᠷᠡᠭᠯᠡᠭᠡ ᠶᠢ ᠠᠬᠢᠭᠤᠯᠬᠤ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠨ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷ ᠢ ᠬᠥᠭᠵᠢᠭᠡᠬᠦ᠂ ᠬᠡᠷᠡᠭᠯᠡᠭᠡ ᠳᠤ ᠰᠡᠳᠡᠯᠲᠡ ᠥᠭᠬᠦ ᠪᠠ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠲᠠᠯ᠎ᠠ ᠪᠠᠷ ᠬᠦᠴᠦ ᠣᠷᠣᠭᠤᠯᠵᠤ᠂ ᠣᠷᠣᠨ ᠤ ᠲᠥᠪ ᠤᠨ ᠠᠵᠤ ᠠᠬᠤᠢ ᠶᠢᠨ ᠪᠣᠳᠠᠲᠤ ᠬᠦᠴᠦᠨ ᠢ ᠴᠢᠩᠭᠠᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠰᠡᠯᠭᠦᠬᠦ ᠬᠦᠴᠦᠨ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤᠮᠳᠠ ᠡᠮᠦᠨ᠎ᠡ ᠡᠩᠨᠡᠭᠡᠨ ᠳᠤ ᠶᠠᠪᠤᠵᠤ᠂ ᠰᠠᠶᠢᠨ ᠵᠢᠱᠢᠶ᠎ᠡ ᠦᠵᠡᠭᠦᠯᠦᠨ᠂ ᠣᠷᠣᠨ ᠤ ᠲᠥᠪ ᠤᠨ ᠦᠢᠯᠡᠳᠦᠯ ᠢ ᠪᠠᠳᠠᠷᠠᠭᠤᠯᠵᠤ᠂ ᠣᠷᠣᠨ ᠤ ᠲᠥᠪ ᠤᠨ ᠡᠭᠦᠷᠭᠡᠯᠡᠯ ᠢ ᠬᠠᠷᠠᠭᠤᠯᠪᠠ᠃      ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠬᠦᠴᠦᠲᠡᠢ ᠦᠢᠯᠡᠳᠦᠯ ᠭᠠᠷᠭᠠᠨ ᠢᠯᠡᠳᠲᠡ ᠦᠷ᠎ᠡ ᠪᠦᠲᠦᠮᠵᠢ ᠣᠯᠬᠤ ᠶᠢᠨ ᠳᠠᠭᠠᠤ ᠳᠤ᠂ ︽ᠠᠯᠲᠠᠨ ᠨᠠᠮᠤᠷ ᠤᠨ ᠠᠷᠪᠠᠨ ᠰᠠᠷ᠎ᠠ᠂ ᠬᠤᠣᠰ ᠪᠠᠶᠠᠷ ᠢ ᠨᠢᠭᠡᠳᠬᠡᠬᠦ︾᠂ ᠠᠮᠠᠷᠠᠯᠲᠠ ᠶᠢᠨ ᠬᠤᠭᠤᠴᠠᠭᠠᠨ ᠳᠤ ᠭᠠᠳᠠᠭᠰᠢ ᠭᠠᠷᠴᠤ ᠵᠢᠭᠤᠯᠴᠢᠯᠠᠬᠤ ᠬᠡᠷᠡᠭᠴᠡᠭᠡ ᠶᠡᠭᠡ ᠪᠠᠷ ᠨᠡᠮᠡᠭᠳᠡᠬᠦ᠂ ︽ᠬᠤᠣᠰ ᠠᠷᠪᠠᠨ ᠨᠢᠭᠡ︾ ᠶᠢᠨ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ ᠪᠠᠶᠠᠷ ᠤᠨ ᠤᠷᠢᠳᠴᠢᠯᠠᠨ ᠬᠤᠳᠠᠯᠳᠤᠬᠤ ᠵᠢᠴᠢ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠰᠠᠭᠤᠷᠢ ᠲᠤᠭ᠎ᠠ ᠳᠣᠣᠷ᠎ᠠ ᠵᠡᠷᠭᠡ ᠬᠦᠴᠦᠨ ᠵᠦᠢᠯ ᠢ ᠳᠠᠭᠠᠯᠳᠤᠨ᠂ ᠦᠢᠯᠡᠴᠢᠯᠡᠭᠡᠨ ᠤ ᠬᠡᠷᠡᠭᠯᠡᠭᠡ ᠲᠦᠷᠭᠡᠨ ᠢᠶᠠᠷ ᠨᠡᠮᠡᠭᠳᠡᠬᠦ ᠬᠠᠨᠳᠤᠰᠢ ᠪᠠᠨ ᠦᠷᠭᠦᠯᠵᠢᠯᠡᠨ ᠬᠠᠳᠠᠭᠠᠯᠠᠪᠠ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 965.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4% ᠨᠡᠮᠡᠭᠳᠡᠨ᠂ ᠪᠥᠬᠦ ᠣᠷᠣᠨ ᠤ ᠬᠢ ᠠᠴᠠ 4.4 ᠵᠠᠭᠤᠨ ᠤ ᠨᠢᠭᠡᠴᠢ᠂ ᠪᠥᠬᠦ ᠤᠯᠤᠰ ᠤᠨ ᠬᠢ ᠠᠴᠠ 4.5 ᠵᠠᠭᠤᠨ ᠤ ᠨᠢᠭᠡᠴᠢ ᠥᠨᠳᠥᠷ ᠪᠣᠯᠵᠤ᠂ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠤ ᠲᠡᠷᠢᠭᠦᠨ ᠳᠤ ᠣᠷᠣᠵᠤ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠪᠠ᠃ ᠡᠭᠦᠨ ᠳᠤ᠄ ᠲᠠᠸᠠᠷ ᠤᠨ ᠬᠡᠯᠪᠡᠷᠢ ᠪᠠᠶᠢᠳᠠᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 841.6 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10.0% ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 123.6 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 21.9% ᠨᠡᠮᠡᠭᠳᠡᠪᠡ᠃      ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤ ᠳᠣᠣᠷᠠᠬᠢ ᠮᠡᠲᠦ ᠲᠠᠪᠤᠨ ᠶᠡᠭᠡ ᠣᠨᠴᠠᠯᠢᠭ ᠢᠯᠡᠷᠡᠪᠡ᠄      ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠲᠣᠭᠲᠠᠭᠤᠨ ᠪᠠᠶᠢᠳᠠᠯ ᠢᠶᠠᠨ ᠦᠷᠭᠦᠯᠵᠢᠯᠡᠨ ᠬᠠᠳᠠᠭᠠᠯᠠᠪᠠ᠃ 1—10 ᠳ᠋ᠤᠭᠠᠷ ᠰᠠᠷ᠎ᠠ ᠳᠤ᠂ ᠠᠷᠠᠳ ᠤᠨ  ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠬᠠᠩᠭᠠᠯᠭ᠎ᠠ ᠭᠦᠢᠴᠡᠳ᠂ ᠪᠠᠷᠠᠭᠠᠨ ᠤ ᠦᠨ᠎ᠡ ᠲᠣᠭᠲᠠᠭᠤᠨ ᠪᠠᠶᠢᠵᠤ᠂ ᠠᠮᠢᠳᠤᠷᠠᠯ ᠤᠨ ᠲᠥᠷᠥᠯ ᠤᠨ ᠲᠠᠸᠠᠷ ᠤᠨ ᠬᠡᠷᠡᠭᠯᠡᠭᠡ ᠲᠣᠭᠲᠠᠭᠤᠨ ᠪᠠᠶᠢᠳᠠᠯ ᠢᠶᠠᠨ ᠦᠷᠭᠦᠯᠵᠢᠯᠡᠭᠦᠯᠦᠨ᠂ ᠡᠯ᠎ᠡ ᠲᠥᠷᠥᠯ ᠤᠨ ᠲᠠᠸᠠᠷ ᠶᠡᠷᠦᠩᠬᠡᠢ ᠳᠡᠭᠡᠨ ᠰᠠᠶᠢᠵᠢᠷᠠᠵᠤ᠂ ᠠᠮᠤ ᠪᠤᠳᠠᠭ᠎ᠠ ᠲᠣᠰᠣ ᠢᠳᠡᠭᠡᠨ ᠤ ᠲᠥᠷᠥᠯ ᠪᠠ ᠬᠤᠪᠴᠠᠰᠤ ᠬᠤᠨᠠᠷ᠂ ᠱᠠᠬᠠᠢ ᠮᠠᠯᠠᠭᠠᠢ᠂ ᠵᠡᠭᠦᠦ ᠨᠡᠬᠡᠮᠡᠯ ᠤᠨ ᠵᠦᠢᠯ ᠵᠢᠴᠢ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 52.6%᠂ 13.4% ᠪᠠ 12.8% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠶᠢᠲᠡ 7.0 ᠵᠠᠭᠤᠨ ᠤ ᠨᠢᠭᠡᠴᠢ ᠳᠡᠭᠡᠭᠰᠢ ᠲᠠᠲᠠᠪᠠ᠃      ᠲᠡᠰ ᠳᠡᠪᠰᠢᠭᠦᠯᠬᠦ ᠲᠦᠷᠦᠯ ᠤᠨ ᠲᠠᠸᠠᠷ ᠤᠨ ᠬᠡᠷᠡᠭᠯᠡᠭᠡ ᠲᠦᠷᠭᠡᠨ ᠢᠶᠠᠷ ᠨᠡᠮᠡᠭᠳᠡᠪᠡ᠃ ᠬᠡᠷᠡᠭᠯᠡᠭᠡᠨ ᠤ ᠪᠦᠲᠦᠴᠡ ᠶᠢᠨ ᠲᠠᠰᠤᠷᠠᠯᠲᠠ ᠦᠭᠡᠢ ᠰᠠᠶᠢᠵᠢᠷᠠᠬᠤ ᠶᠢ ᠳᠠᠭᠠᠯᠳᠤᠨ᠂ ᠢᠯᠠᠩᠭᠤᠶ᠎ᠠ ︽ᠠᠯᠲᠠᠨ ᠶᠢᠰᠦ ᠮᠥᠩᠭᠦᠨ ᠠᠷᠪᠠ︾ ᠶᠢᠨ ᠬᠡᠷᠡᠭᠯᠡᠭᠡᠨ ᠤ ᠬᠥᠭᠵᠢᠯᠲᠡᠢ ᠤᠯᠠᠷᠢᠯ ᠳᠤ ᠣᠷᠣᠬᠤ ᠶᠢ ᠳᠠᠭᠠᠯᠳᠤᠨ᠂ ᠲᠠᠰ ᠳᠡᠪᠰᠢᠭᠦᠯᠬᠦ ᠲᠥᠷᠥᠯ ᠤᠨ ᠲᠠᠸᠠᠷ ᠤᠨ ᠬᠡᠷᠡᠭᠯᠡᠭᠡᠨ ᠦᠷᠭᠦᠯᠵᠢᠯᠡᠨ ᠪᠣᠷᠤᠯᠠᠭᠤᠯᠭ᠎ᠠ ᠰᠠᠶᠢᠲᠠᠢ ᠪᠠᠶᠢᠬᠤ ᠨᠢ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠠᠷᠠᠭᠤᠯᠵᠤ᠂ ᠵᠢᠯ ᠤᠨ ᠡᠴᠦᠰ ᠤᠨ ᠬᠡᠷᠡᠭᠯᠡᠭᠡᠨ ᠤ ᠬᠥᠭᠵᠢᠯᠲᠡᠢ ᠤᠯᠠᠷᠢᠯ ᠤᠨ ᠠᠩᠬᠠᠨ ᠤ ᠠᠮᠵᠢᠯᠲᠠ ᠶᠢ ᠣᠯᠪᠠ᠃ 1—10 ᠳ᠋ᠤᠭᠠᠷ ᠰᠠᠷ᠎ᠠ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ᠂ ᠡᠮᠦᠰᠴᠦ ᠵᠡᠭᠦᠵᠦ ᠪᠣᠯᠬᠤ ᠣᠶᠤᠨᠴᠢ ᠲᠥᠬᠦᠭᠡᠷᠦᠮᠵᠢ ᠶᠢᠨ ᠲᠥᠷᠥᠯ ᠨᠡᠯᠢᠶᠡᠳ ᠲᠦᠷᠭᠡᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 199.8% ᠪᠠ 36.5% ᠨᠡᠮᠡᠭᠳᠡᠵᠡᠢ︔ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 34.5% ᠪᠠᠷ ᠨᠡᠮᠡᠭᠳᠡᠪᠡ᠃ ᠡᠭᠦᠨ ᠠᠴᠠ ᠭᠠᠳᠠᠨ᠎ᠠ᠂ ᠬᠢᠲᠠᠳ ᠡᠸᠦ᠋ᠷᠦᠫᠡ ᠡᠮ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ ᠡᠮ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢᠨ ᠬᠦᠴᠦᠨ ᠵᠦᠢᠯ ᠤᠨ ᠨᠥᠯᠥᠭᠡ ᠠᠴᠠ ᠪᠣᠯᠵᠤ᠂ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠢᠲᠠᠳ ᠡᠸᠦ᠋ᠷᠦᠫᠡ ᠡᠮ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 27.2% ᠨᠡᠮᠡᠭᠳᠡᠵᠦ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ 1.4 ᠵᠠᠭᠤᠨ ᠤ ᠨᠢᠭᠡᠴᠢ ᠳᠡᠭᠡᠭᠰᠢ ᠲᠠᠲᠠᠪᠠ᠃      ᠰᠢᠨ᠎ᠡ ᠮᠠᠶ᠋ᠢᠭ ᠤᠨ ᠬᠡᠷᠡᠭᠯᠡᠭᠡᠨ ᠤ ᠵᠠᠭᠪᠤᠷ ᠤᠨ ᠬᠥᠭᠵᠢᠯᠲᠡ ᠶᠢᠨ ᠢᠯᠡᠷᠡᠯ ᠲᠣᠪᠣᠶᠢᠮ᠎ᠠ ᠪᠠᠶᠢᠨ᠎ᠠ᠃ ᠣᠳᠣᠬᠠᠨ ᠳᠤ᠂ ︽ᠭᠡᠷ ᠤᠨ ᠠᠵᠤ ᠠᠬᠤᠢ︾ ᠨᠢ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠲᠦᠷᠭᠡᠨ ᠬᠥᠭᠵᠢᠯᠲᠡ ᠶᠢ ᠳᠠᠶᠢᠴᠢᠯᠠᠵᠤ᠂ ᠢᠳᠡᠬᠦ᠂ ᠡᠮᠦᠰᠬᠦ᠂ ᠬᠡᠷᠡᠭᠯᠡᠬᠦ ᠵᠡᠷᠭᠡ ᠪᠣᠳᠠᠲᠤ ᠪᠣᠳᠠᠰ ᠤᠨ ᠬᠡᠷᠡᠭᠯᠡᠭᠡ ᠶᠢᠨ ᠬᠦᠷᠢᠶᠡᠨ ᠠᠴᠠ ᠡᠮᠴᠢᠯᠡᠭᠡ᠂ ᠰᠤᠷᠭᠠᠨ ᠬᠥᠮᠦᠵᠢᠯ᠂ ᠰᠣᠶᠣᠯ ᠴᠡᠩᠭᠡᠯ᠂ ᠵᠢᠭᠤᠯᠴᠢᠯᠠᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠵᠡᠷᠭᠡ ᠦᠢᠯᠡᠴᠢᠯᠡᠭᠡᠨ ᠤ ᠬᠦᠷᠢᠶ᠎ᠡ ᠲᠡᠶᠢᠰᠢ ᠥᠷᠭᠡᠵᠢᠨ ᠨᠡᠪᠴᠢᠵᠦ᠂ ᠰᠦᠯᠵᠢᠶᠡᠨ ᠤ ᠪᠣᠷᠤᠯᠠᠭᠤᠯᠭ᠎ᠠ ᠶᠢᠨ ᠢᠯᠡᠷᠡᠯ ᠲᠣᠪᠣᠶᠢᠮ᠎ᠠ ᠪᠣᠯᠪᠠ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠦᠯᠵᠢᠶᠡᠨ ᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 66.9 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 98.0% ᠨᠡᠮᠡᠭᠳᠡᠨ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠶᠢ 12.5 ᠵᠠᠭᠤᠨ ᠤ ᠨᠢᠭᠡᠴᠢ ᠳᠡᠭᠡᠭᠰᠢ ᠲᠠᠲᠠᠪᠠ᠃      ᠴᠢᠯᠠᠭᠤᠨ ᠲᠣᠰᠣ᠂ ᠮᠠᠰᠢᠨ ᠲᠡᠷᠭᠡᠨ ᠤ ᠲᠥᠷᠥᠯ ᠵᠡᠷᠭᠡ ᠲᠣᠮᠣ ᠲᠠᠸᠠᠷ ᠤᠨ ᠬᠡᠷᠡᠭᠯᠡᠭᠡᠨ ᠤ ᠨᠡᠮᠡᠭᠳᠡᠯ ᠤᠨ ᠬᠥᠳᠡᠯᠭᠡᠬᠦ ᠬᠦᠴᠦᠨ ᠬᠦᠴᠦᠲᠡᠢ ᠪᠠᠶᠢᠨ᠎ᠠ᠃ ᠴᠢᠯᠠᠭᠤᠨ ᠲᠣᠰᠣ᠂ ᠮᠠᠰᠢᠨ ᠲᠡᠷᠭᠡᠨ ᠤ ᠲᠥᠷᠥᠯ ᠵᠡᠷᠭᠡ ᠲᠣᠮᠣ ᠲᠠᠸᠠᠷ ᠤᠨ ᠬᠡᠷᠡᠭᠯᠡᠭᠡ ᠨᠢ ᠮᠥᠨ ᠬᠦ ᠬᠡᠷᠡᠭᠯᠡᠭᠡᠨ ᠤ ᠵᠠᠬ᠎ᠠ ᠳᠡᠯᠭᠡᠭᠦᠷ ᠢ ᠲᠤᠯᠭᠠᠭᠤᠷᠢᠯᠠᠬᠤ ᠭᠤᠣᠯ ᠬᠦᠴᠦᠨ ᠪᠣᠯᠵᠤ᠂ ᠨᠡᠮᠡᠭᠳᠡᠯ ᠤᠨ ᠬᠥᠳᠡᠯᠭᠡᠬᠦ ᠬᠦᠴᠦᠨ ᠬᠦᠴᠦᠲᠡᠢ ᠪᠠᠶᠢᠨ᠎ᠠ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠴᠢᠯᠠᠭᠤᠨ ᠲᠣᠰᠣ ᠵᠢᠴᠢ ᠦᠢᠯᠡᠳᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 58.5 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠨ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠶᠢ 1.2 ᠵᠠᠭᠤᠨ ᠤ ᠨᠢᠭᠡᠴᠢ ᠳᠡᠭᠡᠭᠰᠢ ᠲᠠᠲᠠᠪᠠ᠃ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 133.5 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 32.2% ᠢᠶᠠᠷ ᠨᠡᠮᠡᠭᠳᠡᠨ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ 11.5 ᠵᠠᠭᠤᠨ ᠤ ᠨᠢᠭᠡᠴᠢ ᠳᠡᠭᠡᠭᠰᠢ ᠲᠠᠲᠠᠪᠠ᠃      ᠰᠣᠶᠣᠯ ᠵᠢᠭᠤᠯᠴᠢᠯᠠᠯ ᠤᠨ ᠬᠡᠷᠡᠭᠯᠡᠭᠡ ᠦᠷᠭᠦᠯᠵᠢᠯᠡᠨ ᠢᠳᠡᠪᠬᠢᠲᠡᠢ ᠪᠠᠶᠢᠵᠤ᠂ ᠰᠠᠭᠤᠵᠤ ᠬᠤᠨᠣᠬᠤ ᠢᠳᠡᠭᠡᠨ ᠤᠮᠳᠠᠭᠠᠨ ᠤ ᠦᠢᠯᠡᠰ ᠨᠡᠯᠢᠶᠡᠳ ᠲᠦᠷᠭᠡᠨ ᠨᠡᠮᠡᠭᠳᠡᠪᠡ᠃ ᠡᠨᠡ ᠵᠢᠯ ᠠᠴᠠ ᠨᠠᠭᠠᠰᠢ᠂ ᠡᠯ᠎ᠡ ᠱᠠᠲᠤᠨ ᠤ ᠵᠠᠰᠠᠭ ᠤᠨ ᠣᠷᠳᠣᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠶᠡᠬᠡᠪᠡᠷ ᠬᠥᠭᠵᠢᠭᠦᠯᠵᠦ᠂ ᠮᠠᠨ ᠤ ᠬᠤᠲᠠ ᠭᠤᠣᠯ ᠰᠡᠳᠦᠪᠲᠦ ᠵᠡᠭᠡᠯᠢ ᠲᠣᠭᠤᠷᠢᠭ᠂ ᠰᠦᠯᠵᠢᠶᠡᠨ ᠤ ᠰᠣᠳᠣᠨ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠵᠡᠷᠭᠡ ᠬᠠᠮᠢᠶ᠎ᠠ ᠪᠦᠬᠦᠢ ᠡᠯᠧᠮᠧᠨ᠋ᠲ ᠲᠤ ᠲᠦᠰᠢᠭᠯᠡᠨ᠂ ᠠᠯᠳᠠᠨ ᠨᠠᠮᠤᠷ ᠤᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠵᠤᠤ ᠵᠢᠶᠦ᠋ᠨ ᠤ ᠰᠣᠶᠣᠯ ᠤᠨ ᠨᠠᠶᠢᠷ ᠤᠨ ᠵᠢᠭᠤᠯᠴᠢᠯᠠᠯ ᠤᠨ ᠠᠵᠢᠯᠯᠠᠭ᠎ᠠ ᠶᠢᠨ ᠬᠠᠯᠠᠭᠤᠨ ᠥᠷᠨᠢᠯᠲᠡ ᠲᠠᠢ ᠵᠣᠯᠭᠠᠭᠤᠯᠤᠨ᠂ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠣᠰ ᠪᠠᠶᠠᠷ︾ ᠤᠨ ᠬᠤᠭᠤᠴᠠᠭᠠᠨ ᠳᠤ ᠤᠷᠠᠯᠢᠭ ᠤᠨ ᠲᠣᠭᠯᠠᠯᠲᠠ᠂ ᠦᠵᠡᠭᠦᠯᠦᠯᠭᠡ ᠦᠵᠡᠰᠬᠦᠯᠡᠩ᠂ ᠰᠣᠶᠣᠯ ᠤᠨ ᠰᠣᠯᠢᠯᠴᠠᠭ᠎ᠠ᠂ ᠬᠡᠭᠡᠷ᠎ᠡ ᠬᠤᠨᠤᠭ᠂ ᠦᠢᠯᠡᠳᠦᠯᠴᠡᠨ ᠣᠶᠢᠯᠠᠭᠠᠬᠤ ᠵᠡᠷᠭᠡ ᠭᠤᠣᠯ ᠰᠡᠳᠦᠪ ᠢᠶᠠᠷ ᠲᠣᠪᠣᠶᠢᠮ᠎ᠠ ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ ᠰᠡᠯᠡᠭᠦᠴᠡᠯ ᠵᠤᠭᠠᠴᠠᠯ ᠤᠨ ᠰᠢᠨ᠎ᠡ ᠬᠢᠯᠠᠰ ᠴᠡᠭ ᠪᠣᠯᠪᠠ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 21.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1—9 ᠳ᠋ᠦ᠋ᠭᠡᠷ ᠰᠠᠷ᠎ᠠ ᠶᠢᠨ ᠬᠢ ᠠᠴᠠ 3.5 ᠵᠠᠭᠤᠨ ᠤ ᠨᠢᠭᠡᠴᠢ ᠲᠦᠷᠭᠡᠨ ᠪᠣᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ