ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠰᠤᠷᠭᠠᠭᠤᠯᠢ ᠶᠢᠨ ᠬᠦᠷᠢᠶᠡᠨ ᠳᠤ ᠣᠷᠣᠯ᠎ᠠ
ᠨᠡᠶᠢᠲᠡᠯᠡᠭᠰᠡᠨ ᠴᠠᠭ᠄
2023/11/27
20231127-1.jpg
      ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠤᠨ ᠬᠡᠦᠬᠡᠳ ᠤᠳ ᠬᠠᠭᠤᠷᠠᠢ ᠭᠠᠵᠠᠷ ᠤᠨ ᠮᠥᠰᠥᠨ ᠳᠡᠪᠦᠷ᠎ᠡ ︵ᠬᠡᠦᠬᠡᠳ ᠤᠨ ᠬᠡᠪᠯᠡᠯ︶ ᠶᠢ ᠨᠠᠭᠠᠳᠴᠤ ᠪᠠᠶᠢᠯ᠎ᠠ᠃      ᠥᠪᠥᠷ ᠮᠣᠩᠭᠤᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ︽ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠰᠢᠷᠢᠰ ᠠᠵᠢᠯᠯᠠᠭ᠎ᠠ ᠶᠢ ᠳᠠᠭᠠᠯᠳᠤᠨ᠂ ᠰᠤᠷᠭᠠᠭᠤᠯᠢ ᠶᠢᠨ ᠬᠦᠷᠢᠶᠡᠨ ᠤ ︽ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ︾ ᠤ ᠠᠭᠤᠷ ᠠᠮᠢᠰᠬᠤᠯ ᠤᠯᠠᠮ ᠥᠳᠬᠡᠷᠡᠪᠡ᠃ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ᠂ ᠤᠯᠠᠮ ᠠᠴᠠ ᠤᠯᠠᠮ ᠣᠯᠠᠨ ᠰᠤᠷᠭᠠᠭᠤᠯᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢᠨ ᠬᠠᠮᠲᠤ ᠲᠤᠰᠬᠠᠢ ᠮᠡᠷᠭᠡᠵᠢᠯ ᠤᠨ ᠬᠢᠴᠢᠶᠡᠯ ᠨᠡᠭᠡᠭᠡᠵᠦ᠂ ᠤᠯᠠᠮ ᠠᠴᠠ ᠤᠯᠠᠮ ᠣᠯᠠᠨ ᠰᠤᠷᠤᠭᠴᠢᠳ ᠮᠥᠰᠥ ᠴᠠᠰᠤᠨ ᠳᠡᠭᠡᠷ᠎ᠡ ᠨᠠᠭᠠᠳᠬᠤ ᠪᠠᠶᠠᠷ ᠴᠡᠩᠭᠡᠯ ᠢ ᠡᠳ᠋ᠯᠡᠪᠡ᠃ ᠰᠤᠷᠪᠤᠯᠵᠢᠯᠠᠭᠴᠢ ᠮᠢᠶᠣᠣ ᠰᠢᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ