ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2023 ᠣᠨ ᠤ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ 13052 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2023/11/27
     ︵ᠰᠤᠷᠪᠤᠯᠵᠢᠯᠠᠭᠴᠢ ᠰᠥᠩ ᠰᠢᠶᠠᠩ ᠬᠤᠸᠠ︶ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ︽ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠬᠤ ᠦᠭᠡᠢ︾ ᠶᠢ ᠪᠠᠲᠤᠯᠠᠵᠤ᠂ ᠰᠤᠷᠭᠠᠨ ᠬᠥᠮᠦᠵᠢᠯ ᠤᠨ ᠪᠡᠯᠡ ᠮᠥᠩᠭᠦ ᠶᠢᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ︽2023 ᠣᠨ ᠤ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ ᠶᠢᠨ ᠲᠥᠰᠥᠪ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ 2023 ᠣᠨ ᠤ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ 13052 ᠲᠦᠮᠡᠨ ᠲᠥᠭᠦᠷᠢᠭ ᠪᠠᠭᠤᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠳᠤ ᠲᠤᠰᠬᠠᠢ ᠵᠦᠢᠯ ᠢᠶᠠᠷ ᠬᠡᠷᠡᠭᠯᠡᠵᠦ᠂ ᠭᠤᠣᠯᠳᠠᠭᠤ ᠬᠥᠮᠥᠨ ᠠᠮᠠ ᠣᠯᠠᠨ ᠣᠷᠣᠵᠤ ᠢᠷᠡᠬᠦ ᠭᠤᠣᠯ ᠬᠤᠲᠠ ᠶᠢᠨ ᠲᠣᠭᠤᠷᠢᠭ ᠤᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠣᠷᠣᠨ ᠲᠣᠭᠠᠨ ᠤ ᠬᠠᠩᠭᠠᠯᠭ᠎ᠠ᠂ ᠭᠤᠣᠯ ᠬᠤᠲᠠ ᠶᠢᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠤᠭᠴᠢ ᠶᠢᠨ ᠣᠷᠣᠨ ᠲᠣᠭᠠᠨ ᠤ ᠬᠠᠩᠭᠠᠯᠭ᠎ᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥᠯ ᠵᠦᠢᠯ ᠤᠨ ᠰᠤᠷᠭᠠᠭᠤᠯᠢ ᠳᠤ ᠰᠤᠳᠤᠯᠭᠠᠨ ᠥᠷᠨᠢᠭᠦᠯᠬᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠰᠠᠶᠢᠵᠢᠷᠠᠭᠤᠯᠬᠤ ᠶᠢ ᠳᠡᠮᠵᠢᠬᠦ ᠵᠡᠷᠭᠡ ᠲᠠᠯ᠎ᠠ ᠳᠤ ᠬᠡᠷᠡᠭᠯᠡᠨ᠎ᠡ᠃ ᠡᠨᠡ ᠬᠦ ᠪᠡᠯᠡ ᠮᠥᠩᠭᠦ ᠶᠢ ᠪᠠᠭᠤᠯᠭᠠᠭᠰᠠᠨ ᠨᠢ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠡᠷᠡᠭᠴᠡᠭᠡ ᠶᠢ ᠦᠨᠡᠨ ᠬᠦ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ