ᠪᠣᠣ ᠭᠠᠩ ᠾᠧ ᠬᠠᠢ ᠳ᠋ᠦᠩ ᠳᠤᠮᠳᠠᠳᠤ ᠤᠯᠤᠰ ᠤᠨ ᠠᠷᠠᠳ ᠤᠨ ᠳᠠᠭᠠᠳᠬᠠᠯ ᠤᠨ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠵᠠᠬᠢᠷᠤᠯ ᠵᠤᠤ ᠫᠧᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/11/28
      ︵ᠰᠤᠷᠪᠤᠯᠵᠢᠯᠠᠭᠴᠢ ᠯᠢᠶᠠᠩ ᠵᠢᠩ ᠱᠤ᠋︶ 11 ᠳ᠋ᠦ᠋ᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠳᠤᠮᠳᠠᠳᠤ ᠤᠯᠤᠰ ᠤᠨ ᠠᠷᠠᠳ ᠤᠨ ᠳᠠᠭᠠᠳᠬᠠᠯ ᠤᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠵᠠᠬᠢᠷᠤᠯ ᠵᠤᠤ ᠫᠧᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠥᠬᠡᠬᠤᠲᠠ ᠳᠤ ᠲᠤᠭ᠎ᠠ ᠪᠠᠷᠢᠮᠲᠠ ᠶᠢᠨ ᠲᠥᠪ ᠪᠠᠶᠢᠭᠤᠯᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃      ᠪᠣᠣ ᠭᠠᠩ ᠠᠴᠠ ᠵᠤᠤ ᠫᠧᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠨ᠂ ᠳᠤᠮᠳᠠᠳᠤ ᠤᠯᠤᠰ ᠤᠨ ᠠᠷᠠᠳ ᠤᠨ ᠳᠠᠭᠠᠳᠬᠠᠯ ᠤᠨ ᠪᠦᠯᠦᠭᠯᠡᠯ ᠤᠨ ᠬᠢᠨ ᠬᠥᠬᠡᠬᠤᠲᠠ ᠳᠤ ᠲᠤᠭ᠎ᠠ ᠪᠠᠷᠢᠮᠲᠠ ᠶᠢᠨ ᠲᠥᠪ ᠪᠠᠶᠢᠭᠤᠯᠬᠤ ᠪᠠᠷ ᠰᠣᠩᠭᠤᠭᠰᠠᠨ ᠳᠤ ᠲᠠᠯᠠᠷᠬᠠᠵᠤ᠂ ᠪᠦᠬᠦ ᠬᠦᠴᠦᠨ ᠵᠦᠢᠯ ᠤᠨ ᠪᠠᠲᠤᠯᠠᠭ᠎ᠠ᠂ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠩᠭᠠᠵᠤ᠂ ᠭᠠᠷ ᠬᠤᠯᠪᠣᠨ ᠲᠤᠭ᠎ᠠ ᠪᠠᠷᠢᠮᠲᠠ ᠶᠢᠨ ᠲᠥᠪ ᠤᠨ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ ᠭᠡᠵᠡᠢ᠃      ᠵᠣᠣ ᠫᠧᠩ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠠᠷᠠᠳ ᠤᠨ ᠳᠠᠭᠠᠳᠬᠠᠯ ᠤᠨ ᠪᠦᠯᠦᠭᠯᠡᠯ ᠬᠥᠬᠡᠬᠤᠲᠠ ᠶᠢᠨ ᠬᠥᠭᠵᠢᠯᠲᠡ ᠳᠤ ᠢᠲᠡᠭᠡᠯ ᠲᠡᠭᠦᠯᠳᠡᠷ ᠪᠠᠶᠢᠨ᠎ᠠ᠂ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠠᠵᠠ ᠲᠣᠬᠢᠶᠠᠯᠳᠤ ᠬᠤᠭᠤᠴᠠᠭ᠎ᠠ᠂ ᠴᠣᠩᠬᠤᠨ ᠬᠤᠭᠤᠴᠠᠭ᠎ᠠ ᠶᠢ ᠴᠢᠩᠭ᠎ᠠ ᠠᠳᠬᠤᠵᠤ᠂ ᠲᠤᠭ᠎ᠠ ᠪᠠᠷᠢᠮᠲᠠ ᠶᠢᠨ ᠲᠥᠪ ᠢ ᠲᠦᠷᠭᠡᠨ ᠨᠠᠶᠢᠳᠠᠪᠤᠷᠢᠵᠢᠭᠤᠯᠬᠤ ᠶᠢᠨ ᠬᠠᠮᠲᠤ ᠳᠠᠭᠠᠳᠬᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ᠬᠤᠳᠠ ᠶᠢᠨ ᠤᠳᠤᠷᠢᠳᠤᠯᠭ᠎ᠠ ᠵᠦ ᠵᠢᠶᠠᠨ ᠭᠦᠸᠧ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ