ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠭᠠᠳᠠᠭᠠᠳᠤ ᠨᠡᠭᠡᠭᠡᠯᠲᠡ᠂ ᠠᠶᠤᠯᠭᠦᠢ ᠦᠢᠯᠡᠳᠪᠦᠷᠢᠯᠡᠯ᠂ ᠤᠬᠠᠭᠤᠯᠭ᠎ᠠ ᠦᠵᠡᠯ ᠰᠠᠨᠠᠭ᠎ᠠ ᠰᠣᠶᠣᠯ᠂ ᠭᠤᠣᠯ ᠰᠡᠳᠦᠪᠲᠦ ᠬᠥᠮᠦᠵᠢᠯ ᠵᠡᠷᠭᠡ ᠠᠵᠢᠯ ᠢ ᠰᠠᠶᠢᠲᠤᠷ ᠬᠢᠬᠦ ᠲᠤᠬᠠᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/11/28
ᠪᠣᠣ ᠭᠠᠩ ᠬᠤᠷᠠᠯ ᠢ ᠡᠷᠬᠢᠯᠡᠵᠠᠢ      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠨ ᠰᠢ ᠶᠢᠨ ᠯᠦᠦᠶᠢᠯᠢᠶᠠᠩ ᠬᠤᠲᠠ ᠶᠢᠨ ᠶᠦᠩ ᠵᠢᠦᠢ ᠨᠡᠭᠦᠷᠡᠰᠦᠨ ᠠᠭᠤᠷᠬᠠᠢ ᠶᠢᠨ ᠨᠢᠭᠡᠨ ᠠᠯᠪᠠᠨ ᠠᠰᠠᠷ ᠤᠨ ᠭᠠᠯ ᠠᠯᠳᠠᠭᠰᠠᠨ ᠬᠡᠷᠡᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠮᠠᠤ ᠽᠧ ᠳ᠋ᠦᠩ ᠨᠥᠬᠦᠷ ᠤᠨ ᠴᠣᠬᠤᠯᠠᠪᠤᠷᠢ ᠪᠠᠷ ︽ᠹᠧᠩᠴᠢᠶᠤᠤ  ᠶᠢᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠦᠭᠰᠡᠨ 60 ᠵᠢᠯ ᠤᠨ ᠣᠶ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠪᠠᠷ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠦᠭᠰᠡᠨ 20 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠤᠨ ᠵᠣᠷᠢᠭ ᠰᠠᠨᠠᠭ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠬᠡᠳᠦᠨ ᠴᠢᠬᠤᠯᠠ ᠶᠡᠭᠡ ᠬᠠᠷᠢᠴᠠᠭ᠎ᠠ ᠶᠢ ᠰᠢᠢᠳᠪᠦᠷᠢᠯᠡᠬᠦ ᠬᠡᠷᠡᠭᠲᠡᠢ︾ ᠭᠡᠰᠡᠨ ᠴᠢᠬᠤᠯᠠ ᠵᠣᠬᠢᠶᠠᠯ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ ᠭᠤᠣᠯ ᠰᠡᠳᠦᠪᠲᠦ ᠬᠥᠮᠦᠵᠢᠯ ᠤᠨ ᠲᠥᠪ ᠤᠨ ᠲᠣᠭᠤᠷᠢᠨ ᠵᠢᠯᠤᠭᠤᠳᠬᠤ ᠳᠤᠭᠤᠶᠢᠯᠠᠩ ᠤᠨ ᠰᠠᠭᠤᠳᠠᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠰᠦᠨ ᠱᠣᠸ ᠴᠧᠩ ᠨᠥᠬᠦᠷ ᠤᠨ ᠮᠠᠨ ᠤ ᠬᠤᠲᠠ ᠳᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠤᠨ᠂ ᠮᠠᠨ ᠤ ᠬᠤᠲᠠ ᠶᠢᠨ ᠰᠦ ᠶᠢᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ᠂ ᠡᠪᠦᠯ ᠬᠠᠪᠤᠷ ᠤᠨ ᠤᠯᠠᠷᠢᠯ ᠤᠨ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠤᠴᠢᠷ ᠶᠠᠪᠤᠳᠠᠯ ᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠳᠤᠭᠠᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠠᠨ ᠤ ᠤᠯᠤᠰ ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠪᠠᠲᠤ ᠢᠲᠡᠭᠡᠯ ᠢ ᠳᠠᠮᠵᠢᠭᠤᠯᠵᠠᠢ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ ᠣᠷᠣᠨ ᠤ ᠲᠥᠪ ᠤᠨ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠡᠩ ᠰᠠᠶᠢᠨ ᠦᠢᠯᠡᠴᠢᠯᠡᠬᠦ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠮᠡᠳᠡᠭᠦᠯᠦᠨ ᠭᠤᠶᠤᠴᠢᠯᠠᠬᠤ ᠶᠢ ᠲᠦᠷᠭᠡᠳᠬᠡᠨ ᠠᠬᠢᠭᠤᠯᠵᠤ᠂ ᠳᠤᠮᠳᠠᠳᠤ ᠡᠸᠦ᠋ᠷᠦᠫᠡ᠂ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢᠨ ᠡᠭᠡᠯᠵᠢ ᠶᠢ ᠦᠷᠭᠦᠯᠵᠢᠯᠡᠨ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠵᠤ ᠦᠢᠯᠡᠰ ᠤᠨ ᠰᠢᠰᠲ᠋ᠧᠮᠵᠢ ᠶᠢ ᠲᠥᠯᠥᠪᠵᠢᠭᠦᠯᠬᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠠᠷᠠᠯᠵᠢᠶᠠᠨ ᠤ ᠠᠷᠭ᠎ᠠ ᠵᠠᠮ ᠢ ᠥᠷᠭᠡᠳᠬᠡᠬᠦ ᠵᠡᠷᠭᠡ ᠠᠵᠢᠯ ᠢ ᠰᠠᠶᠢᠲᠤᠷ ᠬᠢᠵᠦ᠂ ᠰᠢᠨ᠎ᠡ ᠨᠢᠰᠬᠡᠯ ᠤᠨ ᠪᠠᠭᠤᠳᠠᠯ ᠤᠨ ᠠᠭᠠᠷ ᠤᠨ ᠦᠢᠯᠡᠰ ᠤᠨ ᠠᠵᠤ ᠠᠬᠤᠢ ᠶᠢᠨ ᠣᠷᠣᠨ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠶᠢᠯᠢ ᠪᠠᠲᠤᠯᠠᠬᠤ ᠬᠥᠮᠥᠷᠭᠡᠯᠡᠯᠲᠡ ᠡᠳ᠋ ᠪᠠᠷᠠᠭᠠᠨ ᠤ ᠭᠦᠢᠯᠭᠡᠭᠡ ᠵᠡᠷᠭᠡ ᠢᠵᠢ ᠪᠦᠷᠢᠳᠦᠭᠰᠡᠨ ᠦᠢᠯᠡᠴᠢᠯᠡᠭᠡ ᠶᠢ ᠪᠤᠵᠠᠭᠠᠶᠢᠷᠠᠭᠤᠯᠵᠤ᠂ ᠣᠷᠣᠨ ᠤ ᠲᠥᠪ ᠤᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠪᠠᠶᠢᠯᠭᠠᠵᠤ᠂ ᠬᠤᠳᠠ ᠶᠢᠨ ᠬᠤᠭᠤᠯᠠᠢ ᠶᠢᠨ ᠲᠣᠣᠷ᠂ ᠵᠠᠮ ᠬᠠᠷᠢᠯᠴᠠᠭ᠎ᠠ ᠲᠡᠭᠡᠭᠡᠪᠦᠷᠢ᠂ ᠠᠶᠤᠯᠲᠠᠢ ᠬᠢᠮᠢ ᠶᠢᠨ ᠦᠢᠯᠡᠳᠬᠦᠨ᠂ ᠥᠨᠳᠥᠷ ᠪᠠᠷᠢᠯᠭ᠎ᠠ᠂ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ᠂ ᠬᠤᠳᠠ ᠶᠢᠨ ᠳᠤᠮᠳᠠᠬᠢ ᠲᠣᠰᠬᠤᠨ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠡᠵᠡᠮᠳᠡᠯ ᠢᠶᠠᠨ ᠠᠯᠳᠠᠵᠤ ᠬᠠᠮᠢᠶᠠᠷᠤᠯᠲᠠ ᠠᠴᠠ ᠭᠤᠭᠤᠵᠢᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠭᠦᠷᠭᠡ ᠶᠢᠨ ᠨᠠᠷᠢᠨ ᠬᠠᠭᠤᠳᠠᠰᠤ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠠᠢ ᠬᠠᠷᠢᠴᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠲᠣᠭᠤᠷᠢᠨ ᠪᠠᠶᠢᠴᠠᠭᠠᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠵᠡᠷᠭᠡ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠣᠷᠣᠨ ᠤ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ ᠢ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠬᠠᠷᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ︽ᠤᠮᠠᠷᠠᠲᠤ ᠶᠢᠨ ᠰᠣᠶᠣᠯ ᠤᠨ ᠲᠦᠷᠦᠯ ᠲᠡᠮᠳᠡᠭᠲᠦ︾ ᠶᠢ ᠡᠭᠦᠳᠬᠦ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭᠠᠨ ᠤ ᠭᠤᠣᠯ ᠠᠭᠤᠯᠬᠤᠨ ᠢ ᠭᠦᠨ ᠠᠭᠤᠳᠠᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠰᠠᠶᠢᠲᠤᠷ ᠲᠠᠶᠢᠯᠪᠤᠷᠢᠯᠠᠵᠤ᠂ ᠤᠮᠠᠷᠠᠲᠤ ᠶᠢᠨ ᠰᠣᠶᠣᠯ ᠳᠤ ᠠᠭᠤᠯᠤᠭᠳᠠᠵᠤ ᠪᠠᠶᠢᠭ᠎ᠠ ᠤᠯᠤᠰ ᠣᠷᠣᠨ ᠤ ᠬᠠᠶᠢᠷ᠎ᠠ ᠰᠡᠳᠬᠢᠯᠭᠡ ᠶᠢ ᠰᠠᠶᠢᠲᠤᠷ ᠲᠠᠶᠢᠯᠪᠤᠷᠢᠯᠠᠬᠤ ᠬᠡᠷᠡᠭᠲᠡᠢ᠃ ᠣᠷᠣᠨ ᠤ ᠲᠥᠪ ᠤᠨ ᠰᠣᠶᠣᠯ ᠤᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ᠨᠢᠭᠡ ᠪᠦᠯᠦᠭ ᠰᠠᠶᠢᠨ ᠲᠦᠷᠦᠯ ᠵᠦᠢᠯ᠂ ᠰᠠᠶᠢᠨ ᠵᠦᠴᠦᠭᠡ᠂ ᠰᠠᠶᠢᠨ ᠲᠦᠷᠦᠯ ᠲᠡᠮᠳᠡᠭᠲᠦ ᠶᠢ ᠡᠭᠦᠳᠴᠦ᠂ ᠣᠷᠣᠨ ᠤ ᠲᠥᠪ ᠤᠨ ᠤᠮᠠᠷᠠᠲᠤ ᠬᠢᠯᠢ ᠶᠢᠨ ᠰᠣᠶᠣᠯ ᠢ ᠪᠦᠲᠦᠭᠡᠨ ᠪᠠᠶᠢᠭᠤᠯᠬᠤ ᠰᠢᠨ᠎ᠡ ᠵᠢᠳᠬᠦᠯ ᠴᠢᠷᠮᠠᠶᠢᠯᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠤᠯᠠᠨ ᠲᠦᠮᠡᠨ ᠳᠤ ᠲᠦᠰᠢᠭᠯᠡᠬᠦ ᠪᠠ ᠣᠯᠠᠨ ᠲᠦᠮᠡᠨ ᠢ ᠳᠠᠶᠢᠴᠢᠯᠠᠵᠤ᠂ ᠵᠥᠷᠢᠴᠡᠯ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠨᠡᠶᠢᠲᠡᠯᠢᠭ ᠵᠢᠱᠢᠶ᠎ᠡ ᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠶᠢ ᠴᠢᠩᠭᠠᠳᠬᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠪᠠᠶᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠨᠡᠶᠢᠭᠡᠮ ᠲᠣᠭᠤᠷᠢᠭ ᠤᠨ ᠪᠠᠶᠢᠷᠢᠰᠢᠯ ᠢ ᠰᠢᠯᠢᠳᠡᠭᠵᠢᠭᠦᠯᠵᠦ᠂ ᠨᠡᠶᠢᠭᠡᠮ ᠲᠣᠭᠤᠷᠢᠭ ᠤᠨ ᠲᠣᠣᠷᠴᠢᠯᠠᠬᠤ ᠠᠵᠢᠯ ᠢ ᠪᠣᠳᠠᠲᠠᠶᠢᠵᠢᠭᠤᠯᠵᠤ᠂ ᠠᠵᠢᠯ ᠤᠨ ᠨᠠᠷᠢᠨ ᠲᠠᠩᠰᠠ ᠶᠢ ᠨᠠᠷᠢᠯᠢᠭᠵᠢᠭᠤᠯᠵᠤ᠂ ᠠᠵᠢᠯᠲᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠠᠳᠬᠤᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ᠂ ︽ᠤᠯᠠᠨ ᠲᠦᠮᠡᠨ ᠳᠡᠭᠡᠭᠰᠢ ᠰᠤᠷᠪᠤᠯᠵᠢᠯᠠᠬᠤ︾ ᠶᠢ ︽ᠤᠯᠠᠨ ᠲᠦᠮᠡᠨ ᠢ ᠣᠷᠣᠯᠠᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠶᠠᠭ ᠭᠦᠨᠵᠡᠭᠡᠢ ᠠᠬᠢᠭᠤᠯᠬᠤ᠂ ᠦᠷ᠎ᠡ ᠪᠦᠲᠦᠭᠡᠯ ᠭᠠᠷᠭᠠᠬᠤ᠂ ᠦᠷ᠎ᠡ ᠪᠦᠲᠦᠮᠵᠢ ᠣᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠲᠣᠭᠤᠷᠢᠨ ᠵᠢᠯᠤᠭᠤᠳᠬᠤ ᠳᠤᠭᠤᠶᠢᠯᠠᠩ ᠤᠨ ᠰᠠᠭᠤᠳᠠᠯ ᠤᠨ ᠬᠤᠷᠠᠯ ᠤᠨ ᠪᠠᠶᠢᠷᠢᠯᠠᠭᠤᠯᠤᠯᠲᠠ ᠪᠣᠯᠣᠨ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠠᠷᠠᠨ ᠪᠠᠷᠠᠲᠠᠯ᠎ᠠ ᠬᠢᠴᠢᠶᠡᠵᠦ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠵᠦ᠂ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠬᠡᠷᠡᠭᠲᠡᠢ᠃ ᠪᠣᠳᠠᠲᠠᠢ ᠱᠠᠭᠠᠷᠳᠠᠯᠭ᠎ᠠ ᠶᠢ ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠲᠦᠷᠦᠯ ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠨᠣᠶᠠᠨᠴᠢ ᠰᠤᠷᠲᠠᠯ᠂ ᠬᠡᠯᠪᠡᠷᠢ ᠶᠢᠨ ᠦᠵᠡᠯ ᠢ ᠡᠷᠡᠰ ᠲᠡᠪᠴᠢᠬᠦ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢᠨ ᠬᠠᠨᠳᠤᠯᠭᠠᠲᠤ ᠴᠢᠨᠠᠷ ᠢ ᠴᠢᠩᠭᠠᠳᠬᠠᠵᠤ᠂ ᠶᠠᠭᠤ ᠬᠢᠪᠡᠯ ᠲᠡᠭᠦᠨ ᠢ ᠰᠤᠷᠤᠯᠴᠠᠬᠤ᠂ ᠶᠠᠭᠤ ᠳᠤᠲᠠᠪᠠᠯ ᠲᠡᠭᠦᠨ ᠢ ᠨᠥᠬᠦᠪᠦᠷᠢᠯᠡᠬᠦ ᠶᠢ ᠪᠠᠷᠢᠮᠲᠠᠯᠠᠵᠤ᠂ ᠰᠤᠷᠴᠤ ᠬᠡᠷᠡᠭᠯᠡᠬᠦ ᠨᠢ ᠤᠶᠠᠯᠳᠤᠬᠤ ᠦᠭᠡᠢ ᠶᠢ ᠰᠡᠷᠭᠡᠶᠢᠯᠡᠬᠦ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠰᠦ ᠶᠢᠨ ᠦᠢᠯᠡᠰ ᠤᠨ ᠬᠥᠭᠵᠢᠯᠲᠡ ᠶᠢ ᠪᠣᠳᠠᠲᠠᠢ ᠠᠳᠬᠤᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠴᠠᠭᠠᠨ ᠢᠳᠡᠭᠡᠨ ᠤ ᠡᠳ᠋ᠰᠢᠭᠦᠯᠦᠯᠲᠡ ᠶᠢ ᠰᠢᠯᠢᠳᠡᠭᠵᠢᠭᠦᠯᠵᠦ᠂ ᠦᠢᠯᠡᠳᠬᠦᠨ ᠤ ᠪᠦᠲᠦᠴᠡ ᠶᠢᠨ ᠲᠣᠬᠢᠷᠠᠭᠤᠯᠤᠯᠲᠠ ᠪᠣᠯᠣᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠨ ᠠᠬᠢᠭᠤᠯᠬᠤ ᠬᠡᠷᠡᠭᠲᠡᠢ᠃ ᠡᠪᠦᠯ ᠬᠠᠪᠤᠷ ᠤᠨ ᠤᠯᠠᠷᠢᠯ ᠤᠨ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠣᠨᠣᠰᠢᠯᠠᠨ ᠡᠮᠨᠡᠬᠦ ᠠᠵᠢᠯ ᠢ ᠰᠠᠶᠢᠲᠤᠷ ᠬᠢᠵᠦ᠂ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠠᠵᠢᠯ ᠂ ᠰᠤᠷᠭᠠᠭᠤᠯᠢ᠂ ᠨᠡᠶᠢᠭᠡᠮ ᠤᠨ ᠠᠰᠠᠷᠠᠮᠵᠢ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠶᠢᠨ ᠬᠥᠮᠥᠰ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠡᠭᠦᠳᠡᠨ ᠡᠮᠨᠡᠯᠭᠡ ᠶᠢᠨ ᠦᠢᠯᠡᠴᠢᠯᠡᠭᠡ ᠶᠢ ︽ᠨᠡᠭᠡᠭᠡᠬᠦ ᠶᠣᠰᠣᠲᠠᠢ ᠶᠢ ᠨᠢ ᠪᠦᠬᠦᠨ ᠢ ᠨᠡᠭᠡᠭᠡᠬᠦ︾᠂ ᠡᠮ ᠡᠮᠨᠡᠯᠭᠡ ᠶᠢᠨ ᠦᠢᠯᠡᠴᠢᠯᠡᠭᠡᠨ ᠤ ᠶᠠᠪᠤᠴᠠ ᠶᠢ ︽ᠳᠥᠭᠦᠮᠴᠢᠯᠡᠬᠦ ᠶᠣᠰᠣᠲᠠᠢ ᠶᠢ ᠨᠢ ᠪᠦᠬᠦᠨ ᠢ ᠳᠥᠭᠦᠮᠴᠢᠯᠡᠬᠦ︾ ᠶᠢ ᠠᠬᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠤ ᠡᠷᠡᠭᠦᠯ ᠮᠡᠨᠳᠦ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ