| | | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠡᠯ᠎ᠡ ᠠᠶᠢᠮᠠᠭ ᠬᠤᠲᠠ | ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠶ᠎ᠠ ᠬᠤᠰᠢᠭᠤ ᠰᠢᠶᠠᠨ ︵ᠬᠤᠲᠠ ᠲᠣᠭᠤᠷᠢᠭ︶ ᠤ | ᠠᠵᠢᠯ ᠳᠠᠬᠢ ᠵᠢᠯᠣᠭᠤᠳᠤᠯᠭ᠎ᠠ ᠪᠠᠨ ᠴᠢᠩᠭᠠᠳᠬᠠᠵᠤ᠂ ᠪᠤᠢ ᠪᠦᠬᠦᠢ ᠰᠤᠷᠭᠠᠭᠤᠯᠢ ᠳᠤ ᠲᠣᠳᠣᠷᠬᠠᠢ ᠱᠠᠭᠠᠷᠳᠠᠯᠭ᠎ᠠ ᠳᠤᠷᠠᠳᠴᠤ | ᠂ ᠰᠤᠷᠤᠭᠴᠢᠳ ᠤᠨ ᠴᠢᠬᠤᠯᠠ ᠪᠦᠬᠦᠢ ᠬᠢᠴᠢᠶᠡᠯ ᠤᠨ ᠵᠠᠪᠰᠠᠷᠯᠠᠭ᠎ᠠ ᠶᠢᠨ ᠠᠵᠢᠯᠯᠠᠭ᠎ᠠ ᠶᠢ ᠬᠢᠵᠠᠭᠠᠷᠯᠠᠵᠤ ᠪᠣᠯᠬᠤ ᠦᠭᠡᠢ | ᠮᠥᠷᠲᠡᠭᠡᠨ ᠪᠠᠰᠠ ᠡᠪᠦᠯ ᠤᠨ ᠤᠯᠠᠷᠢᠯ ᠤᠨ ᠴᠠᠭ ᠠᠭᠤᠷ ᠤᠨ ᠰᠢᠯᠲᠠᠭᠠᠨ ᠢ ᠭᠦᠢᠴᠡᠳ ᠪᠣᠳᠣᠯᠬᠢᠯᠠᠵᠤ᠂ ᠭᠡᠷ ᠤᠨ ᠭᠠᠳᠠᠨᠠᠬᠢ | ᠠᠵᠢᠯᠯᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ | ᠰᠠᠭᠤᠷᠢᠨ ᠳᠡᠭᠡᠷ᠎ᠡ᠂ ᠬᠡᠦᠬᠡᠳ ᠢ ᠭᠦᠢᠴᠡᠳ ᠮᠥᠷᠲᠡᠭᠡᠨ ᠡᠷᠡᠭᠦᠯ ᠮᠡᠨᠳᠦ ᠪᠠᠷ ᠬᠥᠳᠡᠯᠭᠡᠭᠡᠨ ᠳᠤ ᠣᠷᠣᠯᠴᠠᠭᠤᠯᠬᠤ ᠬᠡᠷᠡᠭᠲᠡᠢ | ᠭᠡᠵᠦ ᠱᠠᠭᠠᠷᠳᠠᠪᠠ᠃ ᠬᠥᠬᠡᠬᠤᠲᠠ ᠳᠤ᠂ ᠠᠭᠤᠯᠭ᠎ᠠ ᠨᠢ ᠪᠠᠶᠠᠯᠢᠭ ᠬᠡᠯᠪᠡᠷᠢ ᠨᠢ ᠣᠯᠠᠨ ᠵᠦᠢᠯ ᠤᠨ ︽ᠬᠢᠴᠢᠶᠡᠯ ᠤᠨ | ᠵᠠᠪᠰᠠᠷᠯᠠᠭ᠎ᠠ ᠶᠢᠨ ᠠᠷᠪᠠᠨ ᠮᠢᠨᠦ᠋ᠲ︾ ᠨᠢ ᠨᠢᠭᠡᠨᠲᠡ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ | ᠪᠠᠶᠠᠯᠢᠭᠵᠢᠭᠤᠯᠬᠤ ᠬᠠᠮᠤᠭ ᠤᠨ ᠰᠠᠶᠢᠨ ᠠᠴᠢᠶᠠᠯᠠᠪᠤᠷᠢ ᠪᠣᠯᠣᠭᠰᠠᠨ ᠪᠠᠶᠢᠨ᠎ᠠ᠃ ᠥᠪᠥᠷ ᠮᠣᠩᠭᠤᠯ ᠤᠨ ᠡᠳᠦᠷ ᠤᠨ ᠰᠣᠨᠢᠨ ᠤ | ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ |