ᠰᠢᠨ᠎ᠡ ᠬᠤᠳᠠ ᠲᠣᠭᠤᠷᠢᠭ ᠤᠨ ᠬᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠳᠤ ᠢᠳᠡᠪᠬᠢᠲᠡᠢ ᠲᠣᠬᠢᠷᠠᠭᠤᠯᠤᠯᠲᠠ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/11/28
20231128.jpg
      ᠣᠶᠢᠷ᠎ᠠ ᠶᠢᠨ ᠵᠢᠯ ᠤᠨ ᠲᠤᠷᠰᠢ᠂ ᠰᠢᠨ᠎ᠡ ᠬᠤᠳᠠ ᠲᠣᠭᠤᠷᠢᠭ ᠤᠨ ᠬᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠳᠤ ᠢᠳᠡᠪᠬᠢᠲᠡᠢ ᠲᠣᠬᠢᠷᠠᠭᠤᠯᠤᠯᠲᠠ ᠬᠢᠵᠦ᠂ ᠬᠤᠸᠠᠷ ᠴᠡᠴᠡᠭ᠂ ᠵᠢᠮᠢᠰ ᠨᠣᠭᠤᠭ᠎ᠠ ᠵᠡᠷᠭᠡ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠠᠭᠠᠵᠢᠮ ᠢᠶᠠᠷ ᠬᠥᠭᠵᠢᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃ ᠢᠯᠠᠩᠭᠤᠶ᠎ᠠ ᠲᠠᠷᠢᠵᠦ ᠲᠡᠵᠢᠭᠡᠬᠦ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠨᠢ ᠳᠡᠭᠡᠳᠦ ᠲᠡᠰ ᠤᠨ ᠬᠤᠸᠠᠷ ᠴᠡᠴᠡᠭ ᠲᠠᠷᠢᠬᠤ᠂ ᠪᠣᠶᠢᠵᠢᠭᠤᠯᠬᠤ᠂ ᠰᠤᠳᠤᠯᠤᠨ ᠨᠡᠭᠡᠭᠡᠬᠦ ᠪᠠᠷ ᠭᠤᠣᠯ ᠪᠣᠯᠭᠠᠭᠰᠠᠨ᠂ ᠤᠯᠠᠨ ᠲᠦᠷᠦᠯ ᠤᠨ ᠵᠢᠮᠢᠰ ᠨᠣᠭᠤᠭ᠎ᠠ ᠰᠡᠯᠡᠭᠦᠴᠡᠨ ᠲᠡᠭᠦᠬᠦ᠂ ᠵᠤᠭᠠᠴᠠᠨ ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠰᠠᠭᠤᠷᠢᠨ ᠢ ᠴᠢᠷᠮᠠᠶᠢᠨ ᠪᠠᠶᠢᠭᠤᠯᠵᠤ᠂ ᠬᠤᠳᠠ ᠶᠢᠨ ᠠᠷᠠᠳ ᠤᠨ ᠵᠤᠭᠠᠴᠠᠨ ᠲᠣᠭᠤᠷᠢᠬᠤ ᠰᠠᠶᠢᠨ ᠭᠠᠵᠠᠷ ᠪᠣᠯᠤᠭᠰᠠᠨ ᠪᠠᠶᠢᠨ᠎ᠠ᠃ ᠵᠢᠷᠤᠭ ᠪᠣᠯ ᠬᠥᠬᠡᠬᠤᠲᠠ ᠶᠢᠨ ᠰᠢᠨ ᠭᠤᠸᠠᠨ ᠳᠠᠷᠢᠵᠤ ᠲᠡᠵᠢᠭᠡᠬᠦ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠠᠵᠢᠯᠲᠠᠳ ᠬᠤᠸᠠᠷ ᠴᠡᠴᠡᠭ ᠵᠠᠰᠠᠵᠤ ᠪᠠᠶᠢᠭ᠎ᠠ ᠨᠢ᠃ ᠰᠤᠷᠪᠤᠯᠵᠢᠯᠠᠭᠴᠢ ᠶᠠᠩ ᡁᠢ ᠸᠧᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ