ᠮᠠᠨ ᠤ ᠬᠤᠲᠠ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠲᠠᠢ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/11/29
ᠣᠷᠣᠨ ᠨᠤᠲᠤᠭ ᠠᠵᠤ ᠠᠬᠤᠶᠢᠯᠠᠯ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ  ᠪᠣᠣ ᠭᠠᠩ  ᠶᠠᠨ ᠬᠤᠩ ᠭᠤᠸᠠᠩ ᠬᠤᠷᠠᠯ ᠳᠤ ᠣᠷᠣᠯᠴᠠᠵᠤ  ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 28 ᠤ ᠡᠳᠦᠷ᠂ ᠮᠠᠨ ᠤ ᠬᠤᠳᠠ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠲᠠᠢ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠠᠨ ᠬᠤᠩ ᠭᠤᠸᠠᠩ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠪᠡ᠃       ᠪᠣᠣ ᠭᠠᠩ ᠡᠩ ᠲᠡᠷᠢᠭᠦᠨ ᠳᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠤᠯᠠᠨ ᠵᠢᠯ ᠤᠨ ᠲᠤᠷᠰᠢ ᠬᠥᠬᠡᠬᠤᠲᠠ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ᠂ ᠲᠡᠷᠡ ᠬᠡᠯᠡᠭᠰᠡᠨ ᠨᠢ᠂ ᠣᠳᠣᠬᠠᠨ ᠳᠤ ᠲᠥᠪ ᠬᠤᠳᠠ ᠶᠢᠨ ᠬᠢᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠰᠢᠨ᠎ᠡ ᠡᠨᠧᠷᠭᠢ ᠶᠢᠨ ᠬᠥᠭᠵᠢᠯᠲᠡ ᠶᠢᠨ ᠠᠵᠠ ᠲᠣᠬᠢᠶᠠᠯ ᠢ ᠪᠦᠬᠦ ᠬᠦᠴᠦᠨ ᠢᠶᠠᠷ ᠢᠶᠠᠨ ᠠᠮᠵᠢᠵᠤ᠂ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠵᠢᠱᠢᠶ᠎ᠡ ᠦᠵᠡᠭᠦᠯᠬᠦ ᠰᠠᠭᠤᠷᠢᠨ ᠢ ᠲᠦᠷᠭᠡᠨ ᠪᠠᠶᠢᠭᠤᠯᠵᠤ ᠪᠠᠶᠢᠨ᠎ᠠ᠃ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠣᠷᠣᠨ ᠤ ᠲᠥᠪ ᠤᠨ ᠬᠥᠭᠵᠢᠯᠲᠡ ᠶᠢᠨ ᠬᠡᠷᠡᠭᠴᠡᠭᠡ ᠪᠣᠯᠣᠨ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠯ ᠢ ᠭᠦᠢᠴᠡᠳ ᠪᠣᠳᠣᠯᠬᠢᠯᠠᠵᠤ᠂ ᠬᠥᠬᠡᠬᠤᠲᠠ ᠲᠠᠢ ᠬᠠᠮᠲᠤ ᠪᠠᠷ ᠤᠷᠢᠳᠠᠪᠠᠷ ᠬᠢᠵᠦ ᠤᠷᠢᠳᠠᠪᠠᠷ ᠲᠤᠷᠰᠢᠵᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠢᠳᠡᠪᠬᠢᠲᠡᠢ ᠪᠠᠷ ᠰᠦᠪᠡᠭᠴᠢᠯᠡᠨ ᠪᠠᠶᠢᠭᠤᠯᠵᠤ᠂ ᠰᠢᠨ᠎ᠡ ᠡᠨᠧᠷᠭᠢ ᠶᠢ ᠳᠠᠮᠵᠢᠭᠤᠯᠬᠤ ᠵᠠᠮ᠂ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠲᠤᠰᠬᠠᠢ ᠱᠤᠭᠤᠮ᠂ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠲᠥᠷᠥᠯ ᠵᠦᠢᠯ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠷᠣᠨ ᠨᠤᠲᠤᠭ ᠠᠵᠤ ᠠᠬᠤᠶᠢᠯᠠᠯ ᠭᠠᠷ ᠬᠤᠯᠪᠣᠨ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠰᠢᠨ᠎ᠡ ᠵᠠᠮ ᠢ ᠨᠡᠭᠡᠭᠡᠵᠦ᠂ ᠮᠠᠨ ᠤ ᠣᠷᠣᠨ ᠤ ᠠᠵᠤ ᠦᠢᠯᠡᠰ ᠤᠨ ᠲᠠᠲᠠᠬᠤ ᠬᠦᠴᠦᠨ ᠢ ᠳᠡᠭᠡᠭᠰᠢᠯᠡᠭᠦᠯᠬᠦ ᠳᠤ ᠬᠠᠮᠲᠤᠪᠠᠷ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠶᠠᠨ ᠬᠤᠩ ᠭᠤᠸᠠᠩ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠣᠷᠣᠨ ᠤ ᠲᠥᠪ ᠤᠨ ᠣᠷᠣᠨ ᠪᠠᠶᠢᠷᠢ ᠶᠢᠨ ᠳᠠᠪᠠᠭᠤᠯᠢᠭ ᠢᠯᠡᠳᠲᠡ᠂ ᠳᠠᠪᠠᠭᠤᠯᠢᠭ ᠠᠵᠤ ᠦᠢᠯᠡᠰ ᠤᠨ ᠪᠥᠭᠡᠮᠨᠡᠷᠡᠯ ᠤᠨ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤᠮᠳᠠ ᠢᠯᠡᠳᠲᠡ ᠦᠷ᠎ᠡ ᠪᠦᠲᠦᠮᠵᠢ ᠣᠯᠵᠤ᠂ ᠢᠯᠠᠩᠭᠤᠶ᠎ᠠ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠪᠠ ᠪᠣᠳᠠᠲᠠᠢ ᠨᠠᠶᠢᠳᠠᠪᠤᠷᠢᠵᠢᠭᠤᠯᠬᠤ ᠬᠤᠷᠳᠤᠴᠠ ᠨᠢ ᠬᠥᠮᠥᠰ ᠢ ᠤᠷᠮᠠᠰᠢᠭᠤᠯᠵᠤ ᠪᠠᠶᠢᠨ᠎ᠠ᠃ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠥᠬᠡᠬᠤᠲᠠ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠠᠵᠤ ᠠᠬᠤᠶᠢᠯᠠᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠴᠠᠬᠢᠯᠭᠠᠨ ᠤ ᠲᠣᠣᠷ ᠤᠨ ᠭᠤᠣᠯ ᠲᠣᠣᠷ ᠤᠨ ᠵᠢᠶᠠᠰᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠨ ᠤ ᠲᠥᠪ ᠤᠨ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠴᠠᠬᠢᠯᠭᠠᠨ ᠬᠡᠷᠡᠭᠯᠡᠬᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠬᠦᠴᠦᠨ ᠨᠡᠮᠡᠷᠢᠯᠡᠨ᠎ᠡ ᠭᠡᠵᠡᠢ᠃      ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠤᠲᠠ ᠶᠢᠨ ᠤᠳᠤᠷᠢᠳᠤᠯᠭ᠎ᠠ ᠸᠠᠩ ᠬᠠᠢ ᠢᠦᠢ᠂ ᠯᠢᠦ ᠵᠢᠢ ᠶᠢᠩ᠂ ᠹᠦ᠋ ᠶᠢᠨ ᠽᠠᠢ ᠵᠢᠴᠢ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ