ᠪᠥᠬᠦ ᠬᠤᠲᠠ ᠶᠢᠨ ᠭᠤᠣᠯᠳᠠᠯᠭ᠎ᠠ ᠲᠠᠢ ᠵᠠᠮ᠂ ᠬᠥᠭᠦᠷᠭᠡ ᠶᠢᠨ ᠪᠠᠷᠢᠯᠭ᠎ᠠ ᠶᠢ ᠲᠥᠪᠯᠡᠷᠡᠭᠦᠯᠦᠨ ᠲᠡᠷᠭᠡ ᠨᠡᠪᠲᠡᠷᠡᠭᠦᠯᠬᠦ ᠲᠣᠭᠤᠷᠢᠨ ᠦᠵᠡᠬᠦ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/11/29
ᠸᠠᠨ ᠲᠦᠩ ᠵᠠᠮ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠳᠣᠣᠭᠤᠷ ᠭᠠᠷᠬᠤ ᠵᠡᠷᠭᠡ 27 ᠵᠠᠮ ᠢ ᠲᠥᠪᠯᠡᠷᠡᠭᠦᠯᠦᠨ ᠲᠡᠷᠭᠡ ᠨᠡᠪᠲᠡᠷᠡᠭᠦᠯᠵᠡᠢ  ᠪᠣᠣ ᠭᠠᠩ ᠣᠷᠣᠯᠴᠠᠵᠤ   ᠾᠧ ᠬᠠᠢ ᠳ᠋ᠦᠩ ᠪᠠᠶᠠᠷ ᠤᠨ ᠦᠭᠡ ᠬᠡᠯᠡᠵᠦ    ᠭᠤᠤ ᠱᠢ ᠴᠢᠨ  ᠯᠢ ᠵᠢᠶᠦ᠋ᠩ ᠨᠠᠷ ᠣᠷᠣᠯᠴᠠᠵᠠᠢ      ︵ᠰᠤᠷᠪᠤᠯᠵᠢᠯᠠᠭᠴᠢ ᠠᠷᠢᠭᠤᠨ᠎ᠠ︶ ᠨᠢᠭᠡ ᠵᠢᠯ ᠪᠣᠯᠤᠭ᠎ᠠ ᠦᠭᠡᠢ ᠪᠠᠷ᠂ ᠣᠷᠣᠨ ᠤ ᠲᠥᠪ ᠤᠨ ᠬᠤᠲᠠ ᠶᠢᠨ ᠵᠠᠮ ᠤᠨ ᠲᠣᠣᠷ ᠨᠢ ᠶᠠᠪᠤᠬᠤ ᠲᠤᠲᠤᠮ ᠨᠢᠭᠲᠠ ᠪᠣᠯᠪᠠ᠃ 11 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠪᠥᠬᠦ ᠬᠤᠲᠠ ᠶᠢᠨ ᠭᠤᠣᠯᠳᠠᠯᠭ᠎ᠠ ᠲᠠᠢ ᠵᠠᠮ᠂ ᠬᠥᠭᠦᠷᠭᠡ ᠶᠢᠨ ᠪᠠᠷᠢᠯᠭ᠎ᠠ ᠶᠢ ᠲᠥᠪᠯᠡᠷᠡᠭᠦᠯᠦᠨ ᠲᠡᠷᠭᠡ ᠨᠡᠪᠲᠡᠷᠡᠭᠦᠯᠵᠦ ᠲᠣᠭᠤᠷᠢᠨ ᠦᠵᠡᠬᠦ ᠠᠵᠢᠯᠯᠠᠭ᠎ᠠ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠸ ᠱᠢ ᠴᠢᠨ ᠪᠣᠯᠣᠨ ᠬᠤᠲᠠ ᠶᠢᠨ ᠤᠳᠤᠷᠢᠳᠤᠯᠭ᠎ᠠ ᠯᠢ ᠵᠢᠶᠦ᠋ᠩ ᠨᠠᠷ ᠣᠷᠣᠯᠴᠠᠵᠠᠢ᠃      ᠲᠡᠷᠭᠡ ᠨᠡᠪᠲᠡᠷᠡᠬᠦ ᠶᠣᠰᠣᠯᠠᠯ ᠳᠡᠭᠡᠷ᠎ᠡ᠂ ᠬᠤᠳᠠ ᠶᠢᠨ ᠠᠷᠠᠳ ᠤᠨ ᠲᠥᠯᠥᠭᠡᠯᠡᠭᠴᠢ ᠠᠴᠠ ᠸᠠᠨ ᠲᠦᠩ ᠵᠠᠮ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠳᠣᠣᠭᠤᠷ ᠭᠠᠷᠬᠤ ᠪᠠᠷᠢᠯᠭ᠎ᠠ ᠶᠢᠨ ᠲᠡᠷᠭᠡ ᠨᠡᠪᠲᠡᠷᠡᠭᠰᠡᠨ ᠢ ᠨᠡᠶᠢᠲᠡᠯᠡᠪᠡ᠃ ᠲᠣᠰ ᠪᠠᠷᠢᠯᠭ᠎ᠠ ᠲᠡᠷᠭᠡ ᠨᠡᠪᠲᠡᠷᠡᠭᠰᠡᠨ ᠤ ᠳᠠᠷᠠᠭ᠎ᠠ᠂ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠭᠠᠵᠠᠷ ᠳᠡᠭᠡᠷᠡᠬᠢ ᠬᠡᠰᠡᠭ ᠤᠨ ︽ᠹᠢᠽᠢᠺ ᠤᠨ ᠲᠤᠰᠠᠭᠠᠷᠯᠠᠯ︾ ᠤᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠪᠣᠯᠣᠨ᠎ᠠ᠃ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠲᠡᠷᠭᠡᠨ ᠳᠤ ᠰᠠᠭᠤᠵᠤ ᠬᠠᠶᠢᠯᠠᠷ ᠥᠨᠳᠥᠷ ᠵᠠᠮ ᠳᠤ ᠰᠢᠨ᠎ᠡ ᠪᠠᠷ ᠨᠡᠮᠡᠭᠰᠡᠨ ᠬᠤᠯᠪᠣᠯᠲᠠ ᠵᠠᠮ ᠤᠨ ᠪᠠᠷᠢᠯᠭ᠎ᠠ᠂ ᠳᠡᠯ ᠠᠭᠤᠯᠠ ᠶᠢᠨ ᠴᠡᠨᠡᠯᠡᠯᠲᠡ ᠶᠢᠨ ᠲᠠᠯᠠᠪᠠᠶ ᠶᠢᠨ ᠵᠢᠭᠤᠯᠴᠢᠯᠠᠯ ᠤᠨ ᠲᠤᠰᠬᠠᠢ ᠱᠤᠭᠤᠮ ᠤᠨ ᠪᠠᠷᠢᠯᠭ᠎ᠠ ᠵᠡᠷᠭᠡ ᠲᠡᠷᠭᠡ ᠨᠡᠪᠲᠡᠷᠡᠭᠰᠡᠨ ᠬᠡᠰᠡᠭ ᠵᠠᠮ ᠢ ᠲᠣᠭᠤᠷᠢᠨ ᠦᠵᠡᠪᠡ᠃      ᠲᠤᠰ ᠤᠳᠠᠭᠠᠨ ᠤ ᠲᠥᠪᠯᠡᠷᠡᠭᠦᠯᠦᠨ ᠲᠡᠷᠭᠡ ᠨᠡᠪᠲᠡᠷᠡᠭᠰᠡᠨ ᠨᠡᠶᠢᠲᠡ 27 ᠵᠠᠮ ᠳᠤ᠂ ᠸᠠᠨ ᠲᠦᠩ ᠵᠠᠮ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠳᠣᠣᠭᠤᠷ ᠭᠠᠷᠬᠤ ᠪᠠᠷᠢᠯᠭ᠎ᠠ᠂ ᠬᠥᠯᠥᠨ ᠪᠤᠶᠢᠷ ᠡᠮᠦᠨ᠎ᠡ ᠵᠠᠮ ︵ᠦᠬᠠᠢ ᠵᠡᠭᠦᠨ ᠵᠡᠭᠡᠯᠢ ︱ ᠡᠮᠦᠨ᠎ᠡ ᠭᠤᠷᠪᠠᠳᠤᠭᠠᠷ ᠲᠣᠭᠤᠷᠢᠯ ᠵᠠᠮ ᠤᠨ ᠬᠡᠰᠡᠭ︶ ᠤᠨ ᠪᠠᠷᠢᠯᠭ᠎ᠠ᠂ ᠬᠠᠶᠢᠯᠠᠷ ᠥᠨᠳᠥᠷ ᠵᠠᠮ ᠳᠤ ᠰᠢᠨ᠎ᠡ ᠪᠠᠷ ᠨᠡᠮᠡᠭᠰᠡᠨ ᠬᠤᠯᠪᠣᠯᠲᠠ ᠵᠠᠮ ᠤᠨ ᠪᠠᠷᠢᠯᠭ᠎ᠠ ︵ᠬᠥᠯᠥᠨ ᠪᠤᠶᠢᠷ ᠵᠠᠮ ᠤᠨ ᠪᠠᠷᠠᠭᠤᠨ ᠲᠠᠯ᠎ᠠ᠂ ᠹᠧᠢ ᠶᠢᠩ ᠠᠷᠠᠭᠠᠲᠤ ᠬᠦᠷᠳᠦᠨ ᠤ ᠦᠢᠯᠡᠳᠪᠦᠷᠢ ᠶᠢᠨ ᠡᠮᠦᠨ᠎ᠡ ᠲᠠᠯ᠎ᠠ ᠶᠢᠨ ᠤᠷᠤᠭᠤᠳᠠᠬᠤ ᠬᠤᠯᠪᠣᠯᠲᠠ ᠵᠠᠮ︶᠂ ᠳᠡᠯ ᠠᠭᠤᠯᠠ ᠶᠢᠨ ᠴᠡᠨᠡᠯᠡᠯᠲᠡ ᠶᠢᠨ ᠲᠠᠯᠠᠪᠠᠶ ᠶᠢᠨ ᠵᠢᠭᠤᠯᠴᠢᠯᠠᠯ ᠤᠨ ᠲᠤᠰᠬᠠᠢ ᠱᠤᠭᠤᠮ ᠤᠨ ᠪᠠᠷᠢᠯᠭ᠎ᠠ ᠵᠡᠷᠭᠡ 4 ᠪᠠᠷᠢᠯᠭ᠎ᠠ ᠵᠢᠴᠢ ᠬᠤᠲᠠ ᠶᠢᠨ ᠳᠥᠷᠪᠡᠨ ᠲᠣᠭᠤᠷᠢᠭ ᠪᠠ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠵᠠᠯᠭᠠᠯᠳᠤᠭᠰᠠᠨ ᠣᠷᠣᠨ ᠤ ᠬᠤᠲᠠ ᠶᠢᠨ ᠶᠠᠪᠤᠳᠠᠯ ᠤᠨ ᠵᠠᠮ 23 ᠪᠠᠭᠲᠠᠵᠤ᠂ ᠣᠷᠣᠨ ᠪᠦᠰᠡ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠦᠷᠢᠯᠡᠵᠦ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠮᠠᠨ ᠤ ᠬᠤᠲᠠ ᠶᠢᠨ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃      ᠵᠠᠮ ᠬᠠᠷᠢᠯᠴᠠᠭ᠎ᠠ ᠨᠡᠪᠲᠡᠷᠡᠪᠡᠯ ᠲᠦᠮᠡᠨ ᠦᠢᠯᠡᠰ ᠬᠥᠭᠵᠢᠨ᠎ᠡ᠃ ᠡᠨᠡ ᠵᠢᠯ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ︽ᠲᠠᠪᠤᠨ ᠲᠣᠬᠢᠷᠠᠮᠵᠢᠲᠠᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠶᠠᠪᠤᠵᠤ ᠰᠠᠭᠤᠬᠤ ᠳᠤ ᠨᠡᠩ ᠰᠠᠭᠠᠳ ᠦᠭᠡᠢ ᠪᠣᠯᠭᠠᠬᠤ ᠶᠢᠨ ᠲᠣᠭᠤᠷᠢᠨ ᠳᠤ᠂ ︽ᠣᠷᠣᠨ ᠪᠦᠰᠡ ᠶᠢ ᠶᠡᠬᠡᠪᠡᠷ ᠬᠤᠯᠪᠣᠵᠤ᠂ ᠬᠡᠰᠡᠭ ᠭᠠᠵᠠᠷ ᠢ ᠪᠢᠴᠢᠯ ᠣᠷᠴᠢᠯᠳᠤᠭᠤᠯᠵᠤ᠂ ᠲᠦᠭᠵᠢᠷᠡᠯ ᠢ ᠰᠢᠯᠤᠭᠤᠳᠬᠠᠬᠤ︾ ᠣᠶᠢᠯᠠᠭᠠᠭᠳᠠᠬᠤᠨ ᠢ ᠪᠠᠷᠢᠮᠲᠠᠯᠠᠨ᠂ ᠥᠨᠳᠥᠷ ᠵᠠᠮ ᠤᠨ ᠲᠣᠣᠷ᠂ ᠬᠤᠳᠠ ᠶᠢᠨ ᠶᠠᠪᠤᠳᠠᠯ ᠤᠨ ᠵᠠᠮ ᠪᠠ ︽ᠮᠤᠬᠤᠷ ᠵᠠᠮ︾ ᠢ ᠨᠡᠪᠲᠡᠷᠡᠭᠦᠯᠬᠦ ᠵᠡᠷᠭᠡ 100 ᠪᠠᠷᠢᠯᠭ᠎ᠠ ᠶᠢ ᠬᠡᠷᠡᠭᠵᠢᠭᠦᠯᠬᠦ ᠪᠠᠷ ᠲᠥᠯᠥᠪᠯᠡᠵᠦ᠂ 105 ᠵᠠᠮ ᠪᠣᠯᠭᠠᠨ ᠳᠠᠪᠠᠭᠤᠯᠤᠨ ᠪᠠᠶᠢᠭᠤᠯᠵᠤ ᠲᠡᠷᠭᠡ ᠨᠡᠪᠲᠡᠷᠡᠭᠦᠯᠦᠨ᠂ ᠬᠤᠳᠠ ᠶᠢᠨ ᠥᠨᠳᠥᠷ ᠬᠤᠷᠳᠤᠨ ᠵᠠᠮ ᠤᠨ ᠤᠷᠳᠤ ᠶᠢ 242 ᠺᠢᠯᠣᠮᠧᠲᠷ ᠬᠦᠷᠭᠡᠵᠦ᠂ ︽ᠨᠢᠭᠡ ᠬᠥᠨᠳᠡᠯᠡᠨ ᠬᠤᠶᠠᠷ ᠭᠤᠯᠳᠤ ᠲᠦᠷᠪᠡᠨ ᠲᠣᠭᠤᠷᠢᠯ ᠭᠤᠷᠪᠠᠨ ᠬᠦᠢᠰᠦ︾ ᠶᠢᠨ ᠬᠤᠳᠠ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠪᠠᠶᠢᠷᠢᠰᠢᠯ ᠢ ᠪᠤᠢ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠦᠷᠭᠦᠯᠵᠢᠯᠡᠨ ︽ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ︾ ᠬᠠᠷᠠᠯᠲᠠ ᠶᠢᠨ ᠲᠣᠭᠤᠷᠢᠨ ᠳᠤ᠂ ︽ᠬᠤᠭᠤᠰᠤᠨ ᠵᠠᠮ︾ ᠢ ᠨᠥᠬᠦᠪᠦᠷᠢᠯᠡᠬᠦ᠂ ︽ᠮᠤᠬᠤᠷ ᠵᠠᠮ︾ ᠢ ᠨᠡᠪᠲᠡᠷᠡᠭᠦᠯᠬᠦ᠂ ︽ᠨᠠᠷᠢᠨ ᠭᠤᠳᠤᠮᠵᠢ︾ ᠶᠢ ᠰᠢᠯᠤᠭᠤᠳᠬᠠᠬᠤ ᠵᠡᠷᠭᠡ ᠲᠠᠯ᠎ᠠ ᠪᠠᠷ ᠬᠦᠴᠦᠯᠡᠵᠦ᠂ ᠣᠷᠣᠨ ᠤ ᠲᠥᠪ ᠤᠨ ᠥᠷᠭᠡᠨ ᠣᠯᠠᠨ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠨᠠᠩ ᠠᠮᠤᠷ ᠲᠦᠪᠰᠢᠨ ᠡᠮᠬᠢ ᠵᠢᠷᠤᠮ ᠲᠠᠢ ᠠᠮᠢᠳᠤᠷᠠᠯ ᠤᠨ ᠣᠷᠴᠢᠨ ᠲᠣᠭᠤᠷᠢᠨ᠂ ᠨᠠᠩ ᠥᠨᠳᠥᠷ ᠪᠦᠲᠦᠮᠵᠢᠲᠡᠶ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ