︵ᠰᠤᠷᠪᠤᠯᠵᠢᠯᠠᠭᠴᠢ ᠯᠢᠦ ᠯᠢ ᠰᠢᠶᠠ︶ 11 ᠳ᠋ᠤᠭᠡᠷ ᠰᠠᠷ᠎ᠠ ᠶᠢᠨ 1 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠭᠤᠷᠪᠠᠳᠤᠭᠠᠷ ᠪᠦᠯᠦᠭ ᠤᠨ | ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠨᠡᠷᠡᠰ ᠢ ᠨᠡᠶᠢᠲᠡᠯᠡᠪᠡ᠃ ᠪᠥᠬᠦ ᠤᠯᠤᠰ ᠠᠴᠠ ᠨᠡᠶᠢᠲᠡ 54 ᠵᠢᠭᠤᠯᠴᠢᠯᠠᠯ | ᠰᠡᠯᠡᠭᠦᠴᠡᠯ ᠤᠨ ᠵᠡᠭᠡᠯᠢ ᠲᠣᠭᠤᠷᠢᠭ ᠰᠣᠩᠭᠤᠭᠳᠠᠨ ᠣᠷᠣᠵᠤ᠂ ᠮᠠᠨ ᠤ ᠬᠤᠲᠠ ᠶᠢᠨ ᠰᠢᠨ᠎ᠡ ᠬᠤᠲᠠ ᠲᠣᠭᠤᠷᠢᠭ ᠤᠨ ᠣᠪᠤᠭ᠎ᠠ ᠵᠢᠭᠤᠯᠴᠢᠯᠠᠯ ᠰᠡᠯᠡᠭᠦᠴᠡᠯ ᠤᠨ | ᠵᠡᠭᠡᠯᠢ ᠲᠣᠭᠤᠷᠢᠭ ᠰᠤᠩᠭᠤᠭᠳᠠᠪᠠ᠃ | ᠰᠢᠨ᠎ᠡ ᠬᠤᠲᠠ ᠲᠣᠭᠤᠷᠢᠭ ᠤᠨ ᠣᠪᠤᠭ᠎ᠠ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠨᠢ ᠵᠢᠶᠠᠩᠨᠠᠨ ᠤ ᠤᠰᠤᠨ ᠨᠤᠲᠤᠭ ᠤᠨ ᠴᠡᠴᠡᠷᠯᠢᠭ ᠤᠨ | ᠦᠵᠡᠮᠵᠢ ᠪᠠᠷ ᠭᠤᠣᠯ ᠰᠡᠳᠦᠪ ᠪᠣᠯᠭᠠᠵᠤ᠂ ᠠᠯᠤᠰ ᠬᠡᠳᠦ ᠳᠤ ᠰᠠᠭᠤᠷᠢᠯᠠᠵᠤ᠂ ᠬᠥᠮᠥᠨ ᠢᠷᠭᠡᠨᠰᠢᠯ᠂ ᠠᠮᠢ ᠠᠬᠤᠢᠢᠵᠢᠯᠲᠠ᠂ ᠣᠶᠤᠨᠴᠢᠯᠠᠯᠲᠠ ᠪᠠ | ᠳᠡᠯᠡᠬᠡᠶᠢᠵᠢᠯᠲᠡ ᠶᠢᠨ ᠣᠨᠴᠠᠯᠢᠭ ᠲᠠᠢ ᠪᠠᠶᠢᠵᠤ᠂ ᠮᠢᠩ ᠴᠢᠩ ᠤᠨ ᠦᠶ᠎ᠡ ᠶᠢᠨ ᠡᠷᠲᠡᠨ ᠤ ᠰᠣᠩᠭᠤᠳᠠᠭ ᠪᠠᠷᠢᠯᠭ᠎ᠠ ᠪᠣᠯᠣᠨ ᠡᠸᠦ᠋ᠷᠦᠫᠡ ᠮᠠᠶ᠋ᠢᠭ ᠤᠨ ᠪᠠᠷᠢᠯᠭ᠎ᠠ ᠢ | ᠪᠦᠷᠢᠨ ᠲᠡᠭᠦᠯᠳᠡᠷ ᠠᠭᠤᠰᠤᠯᠴᠠᠭᠤᠯᠵᠤ᠂ ᠰᠦᠷᠯᠢᠭ ᠰᠠᠶᠢᠬᠠᠨ ᠪᠠᠶᠢᠳᠠᠭ᠃ ᠥᠪᠡᠷᠮᠢᠴᠡ ᠣᠨᠴᠠᠯᠢᠭ ᠪᠦᠬᠦᠢ ᠭᠠᠵᠠᠷ ᠣᠷᠣᠨ ᠤ ᠰᠣᠶᠣᠯ ᠤᠨ ᠷᠢᠳᠢ ᠰᠢᠳᠢ ᠪᠠ | ᠵᠢᠶᠠᠩᠨᠠᠨ ᠤ ᠴᠡᠴᠡᠷᠯᠢᠭ ᠤᠨ ᠭᠤᠶᠢᠳᠠ ᠰᠠᠶᠢᠬᠠᠨ ᠥᠩᠭᠡ ᠦᠵᠡᠮᠵᠢ ᠪᠠᠷ ᠢᠶᠠᠨ ᠤᠯᠤᠰ ᠤᠨ ᠳᠣᠲᠣᠭᠠᠳᠤ ᠭᠠᠳᠠᠭᠠᠳᠤ ᠶᠢᠨ ᠦᠢ ᠣᠯᠠᠨ ᠵᠤᠭᠠᠴᠠᠭᠰᠠᠳ ᠤᠨ | ᠰᠣᠨᠢᠷᠬᠠᠯ ᠢ ᠲᠠᠲᠠᠵᠤ᠂ ᠪᠥᠬᠦ ᠤᠯᠤᠰ ᠲᠤ ᠨᠡᠷ᠎ᠡ ᠠᠯᠳᠠᠷᠰᠢᠭᠰᠠᠨ ᠰᠦᠯᠵᠢᠶᠡᠨ ᠤ ᠣᠳᠣᠨ ᠲᠣᠰᠬᠤᠨ ᠪᠠ ᠵᠢᠭᠤᠯᠴᠢᠯᠠᠯ ᠤᠨ ᠬᠠᠯᠠᠮᠰᠢᠯ ᠭᠠᠵᠠᠷ ᠪᠣᠯᠤᠭᠰᠠᠨ | ᠪᠠᠶᠢᠨ᠎ᠠ᠃ ᠤᠷᠢᠳ ᠬᠤᠵᠢᠳ ︽ᠬᠥᠬᠡᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ︾ ︽ᠥᠪᠡᠷᠲᠡᠭᠡᠨ ᠵᠠᠰᠠᠬᠤ | ᠣᠷᠣᠨ ᠤ ᠪᠣᠯᠪᠠᠰᠤᠨ ᠲᠣᠰᠬᠤᠨ ᠪᠠᠯᠭᠠᠰᠤ︾ ︽ᠥᠪᠡᠷᠲᠡᠭᠡᠨ ᠵᠠᠰᠠᠬᠤ ᠣᠷᠣᠨ ᠤ ᠠᠷᠪᠠᠨ ᠰᠦᠯᠵᠢᠶᠡᠨ ᠣᠳᠣᠨ ᠬᠠᠯᠠᠮᠰᠢᠯ ᠭᠠᠵᠠᠷ︾ ︽ᠥᠪᠡᠷᠲᠡᠭᠡᠨ | ᠵᠠᠰᠠᠬᠤ ᠣᠷᠣᠨ ᠤ ᠰᠡᠯᠡᠭᠦᠴᠡᠯ ᠵᠢᠭᠤᠯᠴᠢᠯᠠᠯ ᠤᠨ ᠵᠡᠭᠡᠯᠢ ᠲᠣᠭᠤᠷᠢᠭ︾ ︽ᠥᠪᠡᠷᠲᠡᠭᠡᠨ ᠵᠠᠰᠠᠬᠤ ᠣᠷᠣᠨ ᠤ ᠰᠥᠨᠢ ᠶᠢᠨ ᠰᠣᠶᠣᠯ ᠵᠢᠭᠤᠯᠴᠢᠯᠠᠯ ᠤᠨ | ᠲᠦᠪᠯᠡᠷᠡᠯ ᠤᠨ ᠣᠷᠣᠨ︾ ︽ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ︾ ︽ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ︾ ︽ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ︽ᠤᠯᠤᠰ ᠤᠨ ᠲᠠᠰ ᠤᠨ | ᠣᠶ ᠰᠢᠭᠤᠢ ᠶᠢᠨ ᠬᠥᠳᠡᠭᠡ ᠲᠣᠰᠬᠤᠨ︾ ︽ᠪᠥᠬᠦ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠷᠢᠮᠵᠢᠶᠠᠵᠢᠭᠰᠠᠨ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢᠨ ᠲᠣᠰᠬᠤᠨ︾ ︽ᠪᠦᠬᠦ ᠤᠯᠤᠰ ᠤᠨ ᠲᠠᠷᠢᠶᠠᠴᠢᠳ ᠲᠤ ᠦᠢᠯᠡᠴᠢᠯᠡᠵᠦ᠂ ᠦᠨᠳᠦᠰᠦᠨ ᠱᠠᠲᠤᠨ ᠳᠤ ᠦᠢᠯᠡᠴᠢᠯᠡᠬᠦ | ᠰᠣᠶᠣᠯ ᠤᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠨᠡᠶᠢᠳᠡ ︾ ︽ᠳᠤᠮᠳᠠᠳᠤ ᠤᠯᠤᠰ ᠤᠨ ᠬᠠᠮᠤᠭ ᠤᠨ ᠭᠤᠶᠣ ᠬᠥᠳᠡᠭᠡ ᠲᠣᠰᠬᠤᠨ ᠤ ᠵᠢᠭᠤᠯᠴᠢᠯᠠᠯ ᠤᠨ | ᠵᠣᠷᠢᠵᠤ ᠬᠦᠷᠬᠦ ᠭᠠᠵᠠᠷ︾ ᠵᠡᠷᠭᠡ ᠢᠷᠠᠭᠤ ᠠᠯᠳᠠᠷ ᠤᠨ ᠴᠣᠯᠠ ᠭᠥᠷᠳᠡᠪᠡ᠃ | ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ | |