ᠬᠥᠬᠡᠬᠤᠲᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/30
15 ᠲᠥᠷᠥᠯ ᠵᠦᠢᠯ ᠳᠤ ᠭᠠᠷ ᠤᠨ ᠦᠰᠦᠭ ᠵᠢᠷᠤᠵᠤ  ᠶᠡᠷᠦᠩᠬᠡᠢ ᠪᠡᠯᠡ ᠣᠷᠣᠭᠤᠯᠤᠯᠲᠠ ᠪᠠᠷᠤᠭ 100 ᠳ᠋ᠦᠩᠰᠢᠭᠤᠷ ᠲᠥᠭᠦᠷᠢᠭ ᠬᠦᠷᠪᠡ  ᠪᠣᠣ ᠭᠠᠩ ᠶᠠᠷᠢᠶ᠎ᠠ ᠲᠠᠯᠪᠢᠵᠤ  ᠾᠧ ᠬᠠᠢ ᠳ᠋ᠦᠩ ᠬᠤᠷᠠᠯ ᠢ ᠡᠷᠬᠢᠯᠡᠵᠠᠢ      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 29 ᠤ ᠡᠳᠦᠷ᠂ ᠬᠥᠬᠡᠬᠤᠲᠠ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠬᠤᠷᠠᠯᠳᠤᠭᠤᠯᠤᠨ᠂ 50 ᠭᠠᠷᠤᠢ ᠠᠵᠤ ᠠᠬᠤᠶᠢᠯᠠᠯ ᠲᠠᠢ ᠨᠢᠭᠤᠷᠳᠠᠨ ᠶᠠᠷᠢᠯᠴᠠᠵᠤ᠂ ᠮᠠᠨ ᠤ ᠬᠤᠳᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠰᠤᠳᠠᠰᠤ ᠵᠢᠴᠢ ᠳᠠᠪᠠᠭᠤᠯᠢᠭ ᠲᠠᠯ᠎ᠠ ᠪᠠ ᠳᠤᠲᠠᠭᠳᠠᠯ ᠢ ᠰᠢᠰᠲ᠋ᠧᠮ ᠲᠠᠢ ᠡᠮᠬᠢᠯᠡᠵᠦ᠂ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠣᠷᠣᠨ ᠤ ᠲᠥᠪ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠠᠮᠲᠤᠪᠠᠷ ᠰᠦᠪᠡᠭᠴᠢᠯᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠵᠢᠢ ᠶᠢᠩ ᠠᠴᠠ ︽ᠬᠥᠬᠡᠬᠤᠲᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠠᠷᠪᠠᠨ ᠵᠦᠢᠯ ᠤᠨ ᠠᠷᠭ᠎ᠠ ᠬᠡᠮᠵᠢᠶ᠎ᠡ︾ ᠳᠤ ᠲᠠᠶᠢᠯᠤᠮᠵᠢ ᠬᠢᠪᠡ᠃ ᠱᠠᠨᠳᠦ᠋ᠩ ᠤᠨ ᠬᠠᠢ ᠲᠢᠶᠠᠨ᠂ ᠶᠢᠨ ᠢᠦᠢ ᠠᠮᠢᠳᠤ ᠪᠣᠳᠠᠰ᠂ ᠴᠢ ᠯᠦ ᠡᠮ ᠤᠨ ᠦᠢᠯᠡᠰ᠂ ᠹᠦ᠋ ᠹᠧᠩ ᠠᠮᠢᠳᠤ ᠪᠣᠳᠠᠰ᠂ ᠶᠢᠨ ᠾᠧ ᠠᠮᠢᠳᠤ ᠪᠣᠳᠠᠰ᠂ ᠳ᠋ᠠ ᠲᠠᠩ ᠡᠮ ᠤᠨ ᠦᠢᠯᠡᠰ᠂ ᠴᠠᠩ ᠱᠧᠩ ᠡᠮ ᠤᠨ ᠦᠢᠯᠡᠰ᠂ ᠪᠡᠭᠡᠵᠢᠩ ᠤᠨ ᠺᠧ ᠲᠦᠸᠧ᠂ ᠬᠤᠸᠠ ᠷᠦᠨ ᠱᠤᠸᠠᠩ ᠾᠧ᠂ ᠱᠤᠸᠠᠩ ᠴᠢ ᠡᠮ ᠤᠨ ᠦᠢᠯᠡᠰ ᠵᠡᠷᠭᠡ ᠠᠵᠤ ᠠᠬᠤᠶᠢᠯᠠᠯ ᠤᠨ ᠲᠥᠯᠥᠭᠡᠯᠡᠭᠴᠢ ᠲᠤᠰ ᠪᠡᠶ᠎ᠡ ᠶᠢᠨ ᠬᠥᠭᠵᠢᠯᠲᠡ ᠶᠢᠨ ᠣᠳᠣᠬᠢ ᠪᠠᠶᠢᠳᠠᠯ ᠲᠠᠢ ᠪᠠᠨ ᠤᠶᠠᠯᠳᠤᠭᠤᠯᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠣᠷᠣᠰᠢᠵᠤ ᠪᠠᠶᠢᠭ᠎ᠠ ᠬᠦᠴᠢᠷᠳᠡᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠢᠳᠡᠪᠬᠢᠲᠡᠢ ᠶᠠᠷᠢᠶ᠎ᠠ ᠲᠠᠯᠪᠢᠵᠤ᠂ ᠠᠷᠭ᠎ᠠ ᠤᠬᠠᠭᠠᠨ ᠳᠡᠪᠰᠢᠭᠦᠯᠵᠡᠢ᠃      ᠤᠯᠠᠨ ᠤ ᠶᠠᠷᠢᠬᠤ ᠶᠢ ᠰᠣᠨᠣᠰᠤᠭᠰᠠᠨ ᠤ ᠳᠠᠷᠠᠭ᠎ᠠ᠂ ᠪᠣᠣ ᠭᠠᠩ ᠠᠴᠠ ᠮᠠᠨ ᠤ ᠬᠤᠳᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠬᠥᠭᠵᠢᠭᠦᠯᠬᠦ ᠵᠠᠬ᠎ᠠ ᠳᠡᠯᠭᠡᠭᠦᠷ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ᠂ ᠥᠪᠡᠷ ᠤᠨ ᠦᠷᠳᠡᠭ ᠤᠨ ᠳᠠᠪᠠᠭᠤᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠳᠠᠪᠠᠭᠤᠯᠢᠭ ᠢ ᠨᠠᠷᠢᠨ ᠲᠠᠨᠢᠯᠴᠠᠭᠤᠯᠬᠤ ᠶᠢᠨ ᠬᠠᠮᠲᠤ ᠠᠵᠤ ᠠᠬᠤᠶᠢᠯᠠᠯ ᠤᠨ ᠳᠤᠷᠠᠳᠤᠭᠰᠠᠨ ᠰᠠᠨᠠᠯ ᠰᠠᠨᠠᠭᠤᠯᠭ᠎ᠠ ᠳᠤ ᠬᠠᠷᠢᠭᠤᠯᠲᠠ ᠥᠭᠴᠦ᠂ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ ᠬᠡᠯᠡᠬᠦ ᠳᠡᠭᠡᠨ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠬᠥᠭᠵᠢᠭᠦᠯᠬᠦ ᠪᠣᠯ ᠮᠠᠨ ᠤ ᠬᠤᠲᠠ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ ᠠᠬᠤᠢ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠶᠢᠨ ᠲᠤᠯᠭᠠᠮ᠎ᠠ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠴᠤ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠰᠢᠨ᠎ᠡ ᠤᠷᠤᠯᠳᠤᠭᠠᠨ ᠤ ᠵᠠᠮ ᠢ ᠪᠠᠶᠢᠷᠢᠯᠠᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠣᠶᠢᠷ᠎ᠠ ᠶᠢᠨ ᠵᠢᠯ ᠤᠨ ᠲᠤᠷᠰᠢ᠂ ᠬᠥᠬᠡᠬᠤᠲᠠ ︽ᠨᠢᠭᠡ ᠮᠥᠬᠦᠯᠢᠭ ᠡᠷᠳᠡᠨᠢ ᠰᠢᠰᠢ ᠠᠴᠠ ᠨᠢᠭᠡ ᠦᠷᠡᠯ ᠡᠮ ᠬᠦᠷᠲᠡᠯᠡᠬᠢ︾ ᠪᠦᠬᠦ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠢᠨ ᠲᠣᠭᠤᠷᠢᠨ ᠳᠤ᠂ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠢ ᠪᠥᠭᠡᠮᠨᠡᠷᠡᠭᠦᠯᠵᠦ᠂ ᠮᠠᠰᠢ ᠤᠯᠠᠨ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠡᠭᠦᠳᠴᠦ᠂ ᠵᠠᠷᠢᠮ ᠦᠢᠯᠡᠳᠬᠦᠨ ᠤ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠪᠦᠬᠦ ᠳᠡᠯᠡᠬᠡᠢ ᠳᠤ ᠲᠡᠷᠢᠭᠦᠯᠡᠵᠡᠢ᠃ ᠡᠭᠦᠨ ᠠᠴᠠ ᠭᠠᠳᠠᠨ᠎ᠠ᠂ ᠮᠠᠨ ᠤ ᠬᠤᠲᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠠᠪᠤᠴᠠᠯ ᠬᠥᠭᠵᠢᠯᠲᠡ ᠶᠢᠨ ᠳᠠᠪᠠᠭᠤᠯᠢᠭ ᠲᠤ ᠲᠦᠰᠢᠭᠯᠡᠨ᠂ ᠲᠦᠭᠦᠬᠡᠢ ᠮᠠᠲ᠋ᠧᠷᠢᠶᠠᠯ ᠤᠨ ᠲᠠᠯ᠎ᠠ᠂ ᠡᠳ᠋ᠰᠢᠭᠦᠯᠬᠦ ᠲᠠᠯ᠎ᠠ᠂ ᠲᠤᠭ᠎ᠠ ᠪᠠᠷᠢᠮᠲᠠ ᠶᠢᠨ ᠲᠠᠯ᠎ᠠ᠂ ᠬᠡᠷᠡᠭᠯᠡᠭᠡᠨ ᠤ ᠲᠠᠯ᠎ᠠ ᠳᠤ ᠬᠢᠮᠢ ᠶᠢᠨ ᠨᠠᠶᠢᠷᠠᠯᠭ᠎ᠠ ᠶᠢᠨ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ᠂ ᠪᠣᠬᠢᠷᠲᠤᠯ ᠦᠭᠡᠢ ᠴᠠᠬᠢᠯᠭᠠᠨ ᠬᠦᠴᠦᠨ ᠤ ᠬᠠᠩᠭᠠᠯᠭ᠎ᠠ᠂ ᠣᠶᠣᠨᠴᠢ ᠪᠣᠳᠣᠯᠭ᠎ᠠ ᠶᠢᠨ ᠲᠤᠯᠭᠠᠭᠤᠷᠢᠯᠠᠯ᠂ ᠠᠮᠢᠲᠠᠨ ᠤ ᠸᠠᠺᠼᠢᠨ ᠢ ᠳᠡᠯᠭᠡᠷᠡᠭᠦᠯᠦᠨ ᠬᠡᠷᠡᠭᠯᠡᠬᠦ ᠵᠡᠷᠭᠡ ᠠᠵᠤ ᠦᠢᠯᠡᠰ ᠤᠨ ᠢᠵᠢ ᠪᠥᠷᠢᠳᠦᠭᠦᠯᠦᠯᠲᠡ ᠶᠢ ᠰᠠᠶᠢᠲᠤᠷ ᠬᠢᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠲᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠬᠠᠩᠭᠠᠵᠤ᠂ ᠪᠥᠬᠦ ᠤᠯᠤᠰ ᠤᠨ ᠡᠯ᠎ᠡ ᠭᠠᠵᠠᠷ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠤᠨ ᠣᠷᠣᠨ ᠤ ᠲᠥᠪ ᠲᠤ ᠠᠩᠬᠠᠷᠤᠯ ᠲᠠᠯᠪᠢᠵᠤ᠂ ᠣᠷᠣᠨ ᠤ ᠲᠥᠪ ᠲᠤ ᠪᠡᠯᠡ ᠣᠷᠣᠭᠤᠯᠤᠨ᠂ ᠣᠷᠣᠨ ᠤ ᠲᠥᠪ ᠲᠤ ᠦᠨᠳᠦᠰᠦᠯᠡᠵᠦ᠂ ᠬᠠᠮᠲᠤ ᠪᠠᠷ ᠬᠥᠭᠵᠢᠬᠦ ᠶᠢ ᠬᠠᠯᠠᠭᠤᠨ ᠢᠶᠠᠷ ᠬᠦᠰᠡᠵᠦ ᠪᠠᠶᠢᠨ᠎ᠠ ᠭᠡᠵᠡᠢ᠃      ᠪᠣᠣ ᠭᠠᠩ ᠴᠢᠬᠤᠯᠠᠴᠢᠯᠠᠬᠤ ᠳᠠᠭᠠᠨ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠪᠣᠯ ᠬᠠᠮᠤᠭ ᠤᠨ ᠥᠰᠦᠯᠲᠡ ᠶᠢᠨ ᠴᠢᠨᠠᠷᠲᠠᠢ ︽ᠬᠥᠬᠡ ᠲᠠᠩᠭᠢᠰ︾ ᠤᠨ ᠠᠵᠤ ᠦᠢᠯᠡᠰ ᠤᠨ ᠨᠢᠭᠡ ᠪᠣᠯᠣᠨ᠎ᠠ᠂ ᠠᠵᠤ ᠦᠢᠯᠡᠰ ᠤᠨ ︽ᠬᠥᠬᠡ ᠲᠠᠩᠭᠢᠰ︾ ᠨᠢ ᠥᠷᠢᠰᠦᠯᠳᠦᠭᠡᠨ ᠤ ︽ᠤᠯᠠᠭᠠᠨ ᠲᠠᠩᠭᠢᠰ︾ ᠪᠣᠯᠬᠤ ᠨᠢ ᠵᠠᠶᠢᠯᠠᠰᠢ ᠦᠭᠡᠢ ᠶᠤᠮ᠃ ᠪᠢᠳᠡ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠢᠳᠡᠪᠬᠢᠲᠡᠢ ᠠᠳᠬᠤᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠮᠢᠩᠭᠠᠨ ᠳ᠋ᠦᠩᠰᠢᠭᠤᠷ ᠲᠠᠰ ᠤᠨ ᠠᠵᠤ ᠦᠢᠯᠡᠰ ᠤᠨ ᠪᠥᠭᠡᠮᠨᠡᠷᠡᠯ ᠲᠡᠶᠢᠰᠢ ᠤᠷᠤᠭᠰᠢᠯᠠᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠡᠮ ᠡᠮᠨᠡᠯᠭᠡ ᠶᠢᠨ ᠬᠥᠲᠥᠴᠢ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠠᠮᠢᠳᠤ ᠪᠣᠳᠠᠰ ᠤᠨ ᠸᠠᠺᠼᠢᠨ ᠤ ᠵᠡᠷᠭᠡ ᠲᠠᠰ ᠢ ᠳᠡᠪᠰᠢᠭᠦᠯᠬᠦ᠂ ᠠᠮᠢᠳᠤ ᠪᠣᠳᠠᠰ ᠤᠨ ᠢᠰᠬᠡᠯᠲᠡ ᠪᠠ ᠡᠮ ᠦᠢᠯᠡᠳᠬᠦ ᠠᠵᠤ ᠦᠢᠯᠡᠰ ᠥᠷᠭᠡᠵᠢᠨ ᠬᠥᠭᠵᠢᠬᠦ ᠶᠢ ᠢᠳᠡᠪᠬᠢᠲᠡᠢ ᠪᠠᠷ ᠠᠬᠢᠭᠤᠯᠵᠤ᠂ ᠲᠦᠭᠦᠬᠡᠢ ᠮᠠᠲ᠋ᠧᠷᠢᠶᠠᠯ ᠤᠨ ᠡᠮ ᠢ ᠪᠡᠯᠡᠨ ᠡᠮ ᠪᠠ ᠨᠠᠶᠢᠷᠠᠯᠲᠠ ᠲᠡᠶᠢᠰᠢ ᠥᠷᠭᠡᠳᠬᠡᠬᠦ ᠶᠢ ᠪᠡᠶᠡᠯᠡᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠤᠨ ᠣᠨᠴᠠᠯᠢᠭᠲᠤ ᠬᠥᠭᠵᠢᠯᠲᠡ ᠶᠢ ᠳᠡᠮᠵᠢᠵᠦ᠂ ᠡᠮ ᠡᠮᠨᠡᠯᠭᠡ ᠶᠢᠨ ᠵᠠᠪᠰᠠᠷ ᠤᠨ ᠴᠣᠭᠴᠠ ᠪᠠ ᠶᠡᠭᠡ ᠡᠷᠡᠭᠦᠯ ᠮᠡᠨᠳᠦ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠣᠲᠣ ᠦᠶ᠎ᠡ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠥᠭᠡᠮᠨᠡᠷᠡᠭᠦᠯᠦᠨ ᠬᠥᠭᠵᠢᠭᠦᠯᠬᠦ᠂ ᠪᠠᠶᠢᠷᠢ ᠰᠢᠯᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠡᠯ᠎ᠡ ᠭᠠᠵᠠᠷ ᠣᠷᠣᠨ ᠤ ᠬᠢᠨ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠬᠥᠭᠵᠢᠯᠲᠡ ᠶᠢᠨ ᠰᠡᠳᠬᠢᠴᠡ ᠪᠠᠨ ᠨᠠᠷᠢᠨ ᠬᠢᠨᠠᠮᠠᠭᠠᠢ ᠰᠦᠪᠡᠭᠴᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠣᠪᠣᠶᠢᠮ᠎ᠠ ᠳᠠᠪᠠᠭᠤᠯᠢᠭ᠂ ᠣᠨᠴᠠᠯᠢᠭ ᠢᠶᠠᠷ ᠢᠯᠡ ᠲᠣᠳᠣ ᠠᠮᠢᠳᠤ ᠪᠣᠳᠠᠰ ᠤᠨ ᠡᠮ ᠡᠮᠨᠡᠯᠭᠡ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠪᠠᠶᠢᠭᠤᠯᠵᠤ ᠪᠦᠷᠢᠯᠳᠦᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠮᠡᠷᠭᠡᠵᠢᠯ ᠤᠨ ᠰᠢᠪᠲᠤᠯᠤᠯᠲᠠ ᠬᠢᠵᠦ᠂ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠣᠨᠣᠪᠴᠢᠲᠠᠢ ᠵᠣᠯᠭᠠᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠦᠷ᠎ᠡ ᠪᠦᠲᠦᠭᠡᠯ ᠢ ᠬᠥᠬᠡᠬᠤᠲᠠ ᠳᠤ ᠤᠯᠠᠷᠢᠭᠤᠯᠬᠤ ᠂ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠡᠷᠡᠭᠯᠡᠬᠦ ᠲᠣᠭᠲᠠᠴᠠ ᠶᠢ ᠠᠬᠢᠭᠤᠯᠵᠤ᠂ ᠥᠪᠡᠷ ᠤᠨ ᠬᠢ ᠪᠠᠨ ᠪᠣᠯᠭᠠᠬᠤ ᠪᠠᠷ ᠴᠢᠷᠮᠠᠶᠢᠬᠤ ᠦᠭᠡᠢ ᠪᠣᠯᠪᠠᠴᠤ ᠥᠪᠡᠷ ᠲᠤᠨᠢ ᠬᠡᠷᠡᠭᠯᠡᠬᠦ ᠪᠠᠷ ᠴᠢᠷᠮᠠᠶᠢᠬᠤ ᠬᠡᠷᠡᠭᠲᠡᠢ᠃ ᠲᠤᠰᠬᠠᠢ ᠠᠩᠭᠢ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠤᠨ ᠲᠦᠷᠦ ᠶᠢᠨ ᠪᠣᠳᠣᠯᠭ᠎ᠠ ᠲᠠᠢ ᠵᠣᠯᠭᠠᠭᠤᠯᠬᠤ ᠶᠢ ᠴᠢᠩᠭᠠᠳᠬᠠᠵᠤ᠂ ᠵᠠᠰᠠᠭ ᠪᠠᠩᠬᠢ ᠠᠵᠤ ᠠᠬᠤᠶᠢᠯᠠᠯ ᠲᠠᠢ ᠵᠣᠯᠭᠠᠭᠤᠯᠬᠤ ᠶᠢ ᠴᠢᠩᠭᠠᠳᠬᠠᠵᠤ᠂ ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠶᠡᠭᠡ ᠴᠢᠷᠮᠠᠶᠢᠯᠭ᠎ᠠ ᠪᠠᠷ ᠠᠵᠤ ᠠᠬᠤᠶᠢᠯᠠᠯ ᠳᠤ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠡᠯᠡᠬᠡᠶᠢᠵᠢᠭᠰᠡᠨ ᠡᠵᠡᠩᠨᠡᠯᠲᠡ ᠶᠢᠨ ᠣᠷᠴᠢᠨ ᠲᠣᠭᠤᠷᠢᠨ ᠢ ᠬᠠᠩᠭᠠᠵᠤ᠂ ᠬᠥᠬᠡᠬᠤᠲᠠ ᠶᠢᠨ ᠰᠢᠨ᠎ᠡ ᠴᠠᠭ ᠦᠶ᠎ᠡ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠢ ᠭᠡᠵᠡᠢ᠃      ᠰᠠᠭᠤᠳᠠᠯ ᠤᠨ ᠬᠤᠷᠠᠯ ᠤᠨ ᠲᠠᠷᠠᠭ᠎ᠠ᠂ ᠲᠣᠭᠲᠠᠬᠤ ᠰᠢᠶᠠᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠦᠴᠦᠸᠠᠨ ᠰᠢᠶᠠᠨ᠂ ᠬᠤᠲᠣᠩ ᠠᠷᠠᠳ ᠤᠨ ᠲᠣᠭᠤᠷᠢᠭ ᠠᠴᠠ ᠵᠧᠵᠢᠶᠠᠩ ᠤᠨ ᠵᠧ ᠳ᠋ᠠ ᠶᠠᠩ ᠭᠤᠸᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠸᠠ ᠷᠦᠨ ᠱᠤᠸᠠᠩ ᠾᠧ ᠡᠮ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠠᠨᠳᠦ᠋ᠩ ᠤᠨ ᠯᠦ ᠺᠠᠩ ᠡᠮ ᠡᠮᠨᠡᠯᠭᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 15 ᠠᠵᠤ ᠠᠬᠤᠶᠢᠯᠠᠯ ᠲᠠᠢ ᠬᠠᠮᠲᠤ ᠪᠠᠷ ᠭᠡᠷ᠎ᠡ ᠲᠣᠭᠲᠠᠵᠤ᠂ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 100 ᠳ᠋ᠦᠩᠰᠢᠭᠤᠷ ᠲᠥᠭᠦᠷᠢᠭ ᠬᠦᠷᠴᠡᠢ᠃      ᠬᠤᠳᠠ ᠶᠢᠨ ᠤᠳᠤᠷᠢᠳᠤᠯᠭ᠎ᠠ ᠹᠠᠩ ᠢᠦᠢ ᠳ᠋ᠦᠩ᠂ ᠵᠢᠶᠣᠣ ᠬᠤᠩ᠂ ᠵᠦ ᠵᠢᠶᠠᠨ ᠭᠦᠸᠧ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ