ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2023 ᠣᠨ ᠤ ᠬᠤᠲᠠ ᠶᠢᠨ ᠲᠣᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠳᠤ 6350 ᠲᠦᠮᠡᠨ ᠲᠥᠭᠦᠷᠢᠭ ᠤᠨ ᠨᠡᠮᠡᠯᠲᠡ ᠵᠠᠷᠤᠳᠠᠯ ᠪᠠᠭᠤᠯᠭᠠᠪᠠ
ᠨᠡᠶᠢᠲᠡᠯᠡᠭᠰᠡᠨ ᠴᠠᠭ᠄
2023/11/30
      ︵ᠰᠤᠷᠪᠤᠯᠵᠢᠯᠠᠭᠴᠢ ᠰᠥᠩ ᠰᠢᠶᠠᠩ ᠬᠤᠸᠠ︶ ᠵᠢᠯ ᠤᠨ ᠡᠬᠢᠨ ᠤ ᠲᠥᠰᠥᠪ ᠤᠨ ᠴᠣᠬᠤᠯᠠᠪᠤᠷᠢ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠶᠠᠷᠢᠯᠠᠯᠲᠠ ᠶᠢᠨ ᠰᠠᠨᠠᠯ ᠢ ᠦᠨᠳᠦᠰᠦᠯᠡᠨ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2023 ᠣᠨ ᠤ ᠬᠤᠲᠠ ᠶᠢᠨ ᠲᠣᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠳᠤ 6350 ᠲᠦᠮᠡᠨ ᠲᠥᠭᠦᠷᠢᠭ ᠤᠨ ᠨᠡᠮᠡᠯᠲᠡ ᠵᠠᠷᠤᠳᠠᠯ ᠪᠠᠭᠤᠯᠭᠠᠵᠤ᠂ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠵᠢᠴᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠵᠦᠢᠯᠡᠰ ᠲᠤ ᠲᠤᠰᠬᠠᠢ ᠬᠡᠷᠡᠭᠯᠡᠬᠦ ᠪᠠᠷ ᠲᠣᠭᠲᠠᠭᠠᠪᠠ᠃      ᠡᠨᠡ ᠤᠳᠠᠭ᠎ᠠ ᠶᠢᠨ ᠪᠡᠯᠡ ᠮᠥᠩᠭᠦ ᠶᠢ ᠪᠠᠭᠤᠯᠭᠠᠭᠰᠠᠨ ᠨᠢ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠦᠴᠦᠲᠡᠢ ᠪᠠᠲᠤᠯᠠᠪᠠ᠃ ᠡᠨᠡ ᠬᠤᠭᠤᠴᠠᠭᠠᠨ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠭᠠᠵᠠᠷ ᠣᠷᠣᠨ ᠢ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠠᠮᠲᠤ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ