ᠭᠤᠷᠪᠠᠳᠤᠭᠠᠷ ᠪᠦᠯᠦᠭ ᠤᠨ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢᠨ ᠨᠡᠷᠡᠰ ᠢ ᠨᠡᠶᠢᠲᠡᠯᠡᠪᠡ  ᠬᠥᠬᠡᠬᠤᠲᠠ ᠨᠡᠷᠡᠰ ᠲᠤ ᠣᠷᠣᠪᠠ
ᠨᠡᠶᠢᠲᠡᠯᠡᠭᠰᠡᠨ ᠴᠠᠭ᠄
2023/11/30
      ︵ᠰᠤᠷᠪᠤᠯᠵᠢᠯᠠᠭᠴᠢ ᠴᠢ ᠰᠢᠶᠣᠣ ᠶᠠᠨ︶ ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠶᠢᠨ 28 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠢ ᠶᠢᠨ ᠵᠥᠪᠯᠡᠯ ᠤᠨ ᠠᠯᠪᠠᠨ ᠭᠡᠷ 2023 ᠣᠨ ᠤ ᠪᠥᠬᠦ ᠤᠯᠤᠰ ᠤᠨ ᠢᠳᠡᠭᠡᠨ ᠤ ᠠᠶᠤᠯᠭᠦᠢ ᠶᠢᠨ ᠭᠠᠷᠠᠭ ᠤᠨ ᠭᠤᠣᠯ ᠲᠠᠯᠠᠪᠠᠢ ᠶᠢᠨ ᠠᠵᠢᠯᠯᠠᠭ᠎ᠠ ᠳᠡᠭᠡᠷ᠎ᠡ ᠭᠤᠷᠪᠠᠳᠠᠭᠢ ᠪᠦᠯᠦᠭ ᠤᠨ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢᠨ ᠨᠡᠷᠡᠰ ᠢ ᠨᠡᠶᠢᠲᠡᠯᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠢ ᠶᠢᠨ ᠵᠥᠪᠯᠡᠯ ᠤᠨ ᠵᠥᠪᠰᠢᠶᠡᠷᠡᠯ ᠢᠶᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠢ ᠶᠢᠨ ᠵᠥᠪᠯᠡᠯ ᠤᠨ ᠠᠯᠪᠠᠨ ᠭᠡᠷ ᠠᠴᠠ 36 ᠬᠤᠲᠠ ᠶᠢ ︽ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ︾ ᠪᠠᠷ ᠰᠢᠨ᠎ᠡ ᠨᠡᠷᠡᠶᠢᠳᠴᠦ᠂ ᠬᠥᠬᠡᠬᠤᠲᠠ ᠨᠡᠷᠡᠰ ᠲᠤ ᠣᠷᠣᠪᠠ᠃      ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠣᠯ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠳᠡᠭᠡᠨ ᠤ ᠠᠶᠤᠯᠭᠦᠢ ᠶᠢᠨ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ ᠲᠣᠳᠣᠷᠬᠠᠶᠢᠯᠠᠭᠰᠠᠨ ᠴᠢᠬᠤᠯᠠ ᠢᠨᠵᠧᠨᠧᠷᠢᠩ ᠪᠣᠯᠣᠨ᠎ᠠ᠃ ᠵᠣᠷᠢᠯᠭ᠎ᠠ ᠨᠢ ᠡᠭᠦᠳᠦᠨ ᠪᠠᠶᠢᠭᠤᠯᠬᠤ ᠠᠵᠢᠯ ᠢᠶᠠᠷ ᠭᠠᠷᠳᠠᠴᠠ ᠪᠣᠯᠭᠠᠵᠤ ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠢᠳᠡᠪᠬᠢᠵᠢᠯ ᠢ ᠪᠠᠳᠠᠷᠠᠭᠤᠯᠵᠤ᠂ ᠨᠡᠶᠢᠭᠡᠮ ᠤᠨ ᠬᠢᠨ ᠤ ᠥᠷᠭᠡᠨ ᠢᠶᠠᠷ ᠣᠷᠣᠯᠴᠠᠬᠤ ᠶᠢ ᠲᠠᠶᠢᠴᠢᠯᠠᠵᠦ᠂ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠵᠦ᠂ ᠢᠳᠡᠭᠡᠨ ᠤ ᠠᠶᠤᠯᠭᠦᠢ ᠶᠢᠨ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠢᠳᠡᠭᠡᠨ ᠤ ᠠᠶᠤᠯᠭᠦᠢ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠲᠦᠪᠰᠢᠨ ᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠡᠯ᠎ᠡ ᠣᠷᠣᠯᠴᠠᠭᠰᠠᠨ ᠬᠤᠲᠠ ︵ᠲᠣᠭᠤᠷᠢᠭ︶ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠳᠦᠨ ᠪᠠᠶᠢᠭᠤᠯᠬᠤ ᠪᠠᠷᠢᠮᠵᠢᠶ᠎ᠠ ᠱᠠᠭᠠᠷᠳᠠᠯᠭ᠎ᠠ ᠲᠠᠢ ᠨᠠᠷᠢᠨ ᠬᠢᠨᠠᠮᠠᠭᠠᠢ ᠬᠠᠷᠢᠴᠠᠭᠤᠯᠤᠨ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠣᠷᠣᠭᠤᠯᠤᠯᠲᠠ ᠶᠢᠨ ᠪᠠᠲᠤᠯᠠᠭ᠎ᠠ ᠪᠠᠨ ᠨᠡᠮᠡᠭᠳᠡᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠬᠦ ᠨᠡᠶᠢᠭᠡᠮ ᠢᠶᠠᠷ ᠢᠶᠠᠨ ᠢᠳᠡᠪᠬᠢᠲᠡᠢ ᠣᠷᠣᠯᠴᠠᠬᠤ ᠶᠢ ᠬᠥᠲᠥᠯᠥᠨ ᠵᠢᠯᠤᠭᠤᠳᠴᠤ᠂ ᠬᠤᠲᠠ ᠶᠢᠨ ᠢᠳᠡᠭᠡᠨ ᠤ ᠠᠶᠤᠯᠭᠦᠢ ᠶᠢᠨ ᠶᠡᠷᠦᠩᠬᠡᠢ ᠬᠢᠷᠢ ᠲᠦᠪᠰᠢᠨ ᠪᠠ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠬᠦᠴᠦᠲᠡᠢ ᠳᠡᠭᠡᠭᠰᠢᠯᠡᠭᠦᠯᠦᠨ᠂ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠦᠷ᠎ᠡ ᠪᠦᠲᠦᠮᠵᠢ ᠣᠯᠪᠠ᠃      ᠡᠨᠡ ᠵᠢᠯ ᠠᠴᠠ ᠨᠠᠭᠠᠰᠢ᠂ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠢ ᠶᠢᠨ ᠵᠥᠪᠯᠡᠯ ᠤᠨ ᠠᠯᠪᠠᠨ ᠭᠡᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠦᠨᠡᠯᠡᠬᠦ ᠪᠠ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ᠂ ᠭᠤᠷᠪᠠᠳᠤᠭᠠᠷ ᠪᠦᠯᠦᠭ ᠤᠨ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠨᠡᠯᠡᠵᠦ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠵᠤ ᠳᠠᠭᠤᠰᠬᠠᠪᠠ᠃ ᠬᠤᠲᠠ ᠶᠢᠨ ᠥᠪᠡᠷ ᠤᠨ ᠦᠨᠡᠯᠡᠯᠲᠡ᠂ ᠮᠤᠵᠢ ᠶᠢᠨ ᠱᠠᠲᠤᠨ ᠤ ᠠᠩᠬᠠᠨ ᠤ ᠦᠨᠡᠯᠡᠯᠲᠡ᠂ ᠤᠯᠤᠰ ᠤᠨ ᠰᠢᠯᠭᠠᠨ ᠠᠪᠬᠤ ᠪᠠ ᠨᠡᠶᠢᠭᠡᠮ ᠨᠡᠶᠢᠲᠡ ᠳᠤ ᠵᠠᠷᠯᠠᠬᠤ ᠪᠠᠷ ᠳᠡᠮᠵᠢᠨ᠂ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠶᠤᠯᠭᠦᠢ ᠶᠢᠨ ᠵᠥᠪᠯᠡᠯ ᠳᠤ ᠮᠡᠳᠡᠭᠦᠯᠦᠨ ᠵᠥᠪᠰᠢᠶᠡᠷᠡᠭᠦᠯᠦᠭᠡᠳ᠂ 36 ᠬᠤᠲᠠ ᠶᠢ ︽ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ︾ ᠪᠠᠷ ᠨᠡᠷᠡᠶᠢᠳᠴᠦ᠂ ᠬᠥᠬᠡᠬᠤᠲᠠ ᠶᠢᠨ ᠢᠷᠠᠭᠤ ᠠᠯᠳᠠᠷ ᠲᠠᠢ ᠪᠠᠷ ᠨᠡᠷᠡᠰ ᠲᠤ ᠣᠷᠣᠪᠠ᠃      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢᠳᠡᠭᠡᠨ ᠤ ᠠᠶᠤᠯᠭᠦᠢ ᠶᠢᠨ ᠠᠵᠢᠯ ᠢ ᠦᠷᠭᠦᠯᠵᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠭᠡᠨ ᠤ ᠠᠶᠤᠯᠭᠦᠢ ᠶᠢ ᠴᠠᠭ ᠢᠮᠠᠭᠲᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠭᠠᠨ ᠠᠳᠬᠤᠭᠰᠠᠭᠠᠷ ᠢᠷᠡᠵᠡᠶ᠃ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠵᠢᠷᠤᠮᠯᠠᠨ᠂ ᠢᠳᠡᠭᠡᠨ ᠤ ᠠᠶᠤᠯᠭᠦᠢ ᠶᠢᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠥᠭᠡᠷᠡᠴᠢᠯᠡᠨ ᠴᠢᠩᠭᠠᠳᠬᠠᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠦᠬᠦ ᠶᠠᠪᠤᠴᠠ ᠶᠢ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠵᠦ᠂ ᠢᠳᠡᠭᠡᠨ ᠤ ᠪᠦᠬᠦ ᠬᠡᠯᠬᠢᠶ᠎ᠡ ᠶᠢᠨ ᠶᠠᠰᠤ ᠴᠢᠨᠠᠷ ᠤᠨ ᠠᠶᠤᠯᠭᠦᠢ ᠶᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠳᠪᠦᠷᠢᠯᠡᠭᠴᠢ ᠡᠵᠡᠩᠨᠡᠭᠴᠢ ᠶᠢᠨ ᠬᠠᠷᠢᠭᠤᠴᠠᠯᠭ᠎ᠠ ᠶᠢᠨ ᠤᠬᠠᠮᠰᠠᠷ᠂ ᠦᠨᠡᠨᠴᠢ ᠢᠲᠡᠭᠡᠮᠵᠢ ᠶᠢᠨ ᠤᠬᠠᠮᠰᠠᠷ ᠪᠣᠯᠣᠨ ᠢᠳᠡᠭᠡᠨ ᠤ ᠶᠠᠰᠤ ᠴᠢᠨᠠᠷ ᠤᠨ ᠠᠶᠤᠯᠭᠦᠢ ᠶᠢᠨ ᠤᠬᠠᠮᠰᠠᠷ ᠢ ᠢᠯᠡᠳᠲᠡ ᠳᠡᠭᠡᠭᠰᠢᠯᠡᠭᠦᠯᠵᠦ᠂ ᠠᠷᠠᠳ ᠤᠯᠠᠨ ᠤ ᠢᠳᠡᠭᠡᠨ ᠤᠮᠳᠠᠭᠠᠨ ᠤ ᠠᠶᠤᠯᠭᠦᠢ ᠶᠢ ᠤᠯᠠᠮ ᠨᠢᠭᠡ ᠠᠯᠬᠤᠮ ᠪᠠᠲᠤᠯᠠᠵᠤ᠂ ᠪᠦᠬᠦ ᠬᠤᠳᠠ ᠶᠢᠨ ᠢᠳᠡᠭᠡᠨ ᠤ ᠠᠶᠤᠯᠭᠦᠢ ᠶᠢᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠢᠳᠡᠭᠡᠨ ᠤ ᠠᠶᠤᠯᠭᠦᠢ ᠶᠢᠨ ᠠᠵᠢᠯ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ