ᠬᠥᠮᠥᠨ ᠪᠣᠯ ᠠᠵᠤ ᠦᠢᠯᠡᠰ ᠤᠨ ᠰᠠᠭᠤᠷᠢ᠂ ᠬᠤᠳᠠ ᠶᠢᠨ ᠭᠤᠣᠯᠯᠠᠭᠴᠢ ᠮᠥᠨ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠠᠴᠠ ᠬᠥᠬᠡᠬᠤᠲᠠ ᠶᠢᠨ ᠬᠥᠮᠥᠨ ᠠᠮᠠ ᠶᠢ ᠲᠥᠪᠯᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠥᠮᠥᠨ ᠢ ᠬᠥᠬᠡᠬᠤᠲᠠ ᠳᠤ | ᠲᠠᠲᠠᠨ ᠣᠷᠣᠭᠤᠯᠵᠤ᠂ ᠴᠢᠳᠠᠪᠤᠷᠢᠲᠠᠨ ᠢ ᠴᠤᠭᠯᠠᠭᠤᠯᠤᠨ ᠬᠤᠳᠠ ᠶᠢ ᠬᠥᠭᠵᠢᠭᠦᠯᠬᠦ︾ ᠤᠳᠤᠷᠢᠳᠤᠮᠵᠢ ᠶᠢ ᠪᠠᠷᠢᠮᠲᠠᠯᠠᠵᠤ᠂ ᠨᠡᠩ ᠢᠳᠡᠪᠬᠢᠲᠡᠢ ᠬᠥᠮᠥᠨ | ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠰᠠᠭᠤᠷᠢ ᠦᠢᠯᠡᠳᠦᠯ ᠢ ᠴᠢᠩᠭᠠᠳᠬᠠᠵᠤ | ᠂ ᠬᠤᠳᠠ ᠶᠢᠨ ᠳᠠᠭᠠᠭᠠᠴᠠ ᠶᠢ ᠦᠷᠭᠦᠯᠵᠢᠯᠡᠨ ᠳᠡᠭᠡᠭᠰᠢᠯᠡᠭᠦᠯᠦᠭᠰᠡᠭᠡᠷ ᠢᠷᠡᠪᠡ᠃ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠲᠠᠪᠤᠳᠤᠭᠠᠷ ᠪᠥᠬᠦᠳᠡ ᠬᠤᠷᠠᠯ ᠠᠴᠠ ᠬᠤᠲᠠ ᠶᠢᠨ ᠬᠥᠮᠥᠨ ᠠᠮᠠ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠬᠥᠮᠥᠨ ᠠᠮᠠ ᠶᠢ ᠲᠠᠲᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠮᠥᠰ ᠢ ᠨᠢᠭᠲᠠᠷᠠᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠣᠶᠢᠷ᠎ᠠ ᠶᠢᠨ | ᠬᠤᠭᠤᠴᠠᠭᠠᠨ ᠳᠤ᠂ ᠮᠠᠨ ᠤ ᠬᠤᠲᠠ ᠬᠤᠯᠪᠤᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠢ ᠰᠤᠳᠤᠯᠵᠤ᠂ ᠥᠷᠭᠡᠨ ᠢᠶᠠᠷ ᠰᠠᠨᠠᠯ | ᠬᠤᠷᠢᠶᠠᠬᠤ ᠪᠠ ᠭᠦᠢᠴᠡᠳ ᠪᠠᠶᠢᠴᠠᠭᠠᠨ ᠰᠤᠳᠤᠯᠵᠤ ᠨᠤᠲᠠᠯᠠᠬᠤ ᠪᠠᠷ ᠳᠡᠮᠵᠢᠨ᠂ ︽ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 10 ᠵᠤᠷᠪᠤᠰ︾ ᠢ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ︽ᠬᠥᠬᠡᠬᠤᠲᠠ ᠶᠢᠨ ᠬᠦᠮᠦᠨ ᠢ ᠲᠠᠲᠠᠨ ᠣᠷᠣᠭᠤᠯᠵᠤ ᠬᠦᠮᠦᠨ ᠢ ᠦᠯᠡᠳᠡᠭᠡᠬᠦ 18 ᠵᠤᠷᠪᠤᠰ ᠠᠷᠭ᠎ᠠ | ᠬᠡᠮᠵᠢᠶ᠎ᠡ︾ ︵ᠳᠣᠷᠣᠭᠰᠢ ︽18 ᠵᠤᠷᠪᠤᠰ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠲᠣᠭᠲᠠᠭᠠᠪᠠ᠃ | ᠨᠢᠭᠡ᠂ ︽18 ᠵᠤᠷᠪᠤᠰ ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ | ᠲᠣᠰ ᠤᠳᠠᠭ᠎ᠠ ᠨᠡᠶᠢᠲᠡᠯᠡᠭᠰᠡᠨ 18 ᠵᠦᠢᠯ ᠤᠨ ᠠᠷᠭ᠎ᠠ ᠬᠡᠮᠵᠢᠶ᠎ᠡ ᠨᠢ 2025 ᠣᠨ ᠪᠣᠯᠬᠤ ᠳᠤ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ | ᠠᠮᠠ ᠶᠢ 375 ᠲᠦᠮᠡ ᠶᠢ ᠳᠠᠪᠠᠭᠤᠯᠵᠤ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ ᠶᠢ 300 ᠲᠦᠮᠡ ᠶᠢ ᠳᠠᠪᠠᠭᠤᠯᠬᠤ ᠶᠡᠷᠦᠩᠬᠡᠢ | ᠬᠠᠷᠠᠯᠲᠠ ᠶᠢᠨ ᠲᠣᠭᠤᠷᠢᠨ ᠳᠤ᠂ ᠵᠠᠯᠠᠭᠤ ᠣᠶᠤᠲᠠᠳ ᠪᠠ ᠬᠥᠬᠡᠬᠤᠲᠠ ᠳᠤ ᠢᠷᠡᠭᠰᠡᠨ ᠠᠵᠢᠯᠴᠢᠨ ᠠᠵᠢᠯᠳᠠᠳ ᠬᠤᠶᠠᠷ ᠶᠡᠭᠡ ᠬᠠᠮᠲᠤᠯᠢᠭ ᠲᠤ ᠠᠩᠬᠠᠷᠤᠯ ᠢᠶᠠᠨ | ᠲᠥᠪᠯᠡᠷᠡᠭᠦᠯᠵᠦ᠂ ᠬᠥᠬᠡᠬᠤᠲᠠ ᠳᠤ ᠢᠷᠡᠭᠰᠡᠨ ᠬᠥᠮᠥᠰ ᠤᠨ ᠬᠠᠮᠤᠭ ᠠᠴᠠ ᠠᠩᠬᠠᠷᠤᠳᠠᠭ ᠠᠵᠢᠯ ᠣᠯᠭᠤᠯᠲᠠ᠂ ᠣᠷᠣᠨ ᠰᠠᠭᠤᠴᠠ᠂ ᠰᠤᠷᠭᠠᠨ ᠬᠥᠮᠦᠵᠢᠯ | ᠡᠮᠴᠢᠯᠡᠭᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠲᠠᠯ᠎ᠠ ᠠᠴᠠ ᠭᠠᠷᠳᠠᠵᠤ᠂ ᠳᠥᠷᠪᠡᠨ ᠲᠠᠯ᠎ᠠ ᠶᠢᠨ 18 ᠵᠦᠢᠯ ᠤᠨ ᠪᠣᠳᠠᠲᠠᠢ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠵᠠᠢ᠃ | ᠨᠢᠭᠡᠳᠦᠭᠡᠷ ᠲᠤ᠂ ᠴᠢᠨᠠᠷ ᠰᠠᠶᠢᠲᠠᠢ ᠠᠵᠢᠯ ᠤᠨ ᠪᠠᠶᠢᠷᠢ ᠶᠢ ᠡᠭᠦᠳᠦᠨ᠎ᠡ᠃ ᠨᠡᠶᠢᠲᠡ 6 ᠵᠦᠢᠯ ᠤᠨ ᠠᠷᠭ᠎ᠠ ᠬᠡᠮᠵᠢᠶ᠎ᠡ ᠪᠣᠢ᠃ ᠮᠠᠨ ᠤ ᠬᠤᠲᠠ ᠶᠢᠨ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠦᠢᠯᠡᠳᠬᠦ ᠦᠢᠯᠡᠰ ᠢ ᠬᠦᠭᠵᠢᠭᠦᠯᠵᠦ ᠠᠵᠢᠯ ᠤᠨ ᠪᠠᠶᠢᠷᠢ ᠶᠢ ᠥᠷᠭᠡᠳᠬᠡᠬᠦ ᠪᠠᠷ ᠳᠠᠮᠵᠢᠭᠤᠯᠤᠨ᠂ | ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ᠂ ᠦᠢᠯᠡᠴᠢᠯᠡᠭᠡᠨ ᠤ | ᠦᠢᠯᠡᠰ ᠪᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠦᠭᠵᠢᠬᠦᠯᠵᠦ ᠠᠵᠢᠯ ᠤᠨ ᠪᠠᠶᠢᠷᠢ ᠶᠢ ᠥᠷᠭᠡᠳᠬᠡᠬᠦ᠂ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ | ᠥᠷᠭᠡᠳᠬᠡᠨ ᠠᠵᠢᠯᠲᠠᠨ ᠠᠵᠢᠯᠴᠢᠨ ᠡᠯᠰᠡᠭᠰᠡᠨ ᠨᠥᠬᠦᠪᠦᠷᠢ ᠣᠯᠭᠤᠬᠤ᠂ ᠠᠵᠢᠯ ᠣᠯᠭᠤᠬᠤ ᠦᠢᠯᠡᠴᠢᠯᠡᠭᠡ ᠶᠢ ᠴᠢᠩᠭᠠᠷᠠᠭᠤᠯᠤᠨ᠂ ᠦᠢᠯᠡᠰ ᠴᠣᠭᠴᠠᠯᠠᠬᠤ ᠶᠢ | ᠲᠡᠮᠵᠢᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠪᠠᠷ ᠳᠠᠮᠵᠢᠭᠤᠯᠤᠨ᠂ ᠠᠵᠤ ᠦᠢᠯᠡᠰ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠠᠵᠢᠯ ᠣᠯᠬᠤ | ᠣᠷᠣᠨ ᠵᠠᠢ ᠶᠢ ᠥᠷᠭᠡᠳᠬᠡᠵᠦ᠂ ᠠᠵᠤ ᠦᠢᠯᠡᠰ ᠤᠨ ᠠᠵᠢᠯ ᠣᠯᠭᠤᠯᠲᠠ ᠶᠢ ᠰᠢᠩᠭᠡᠬᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠭᠤᠷᠪᠠᠨ ᠵᠢᠯ ᠤᠨ | ᠳᠣᠲᠣᠷ᠎ᠠ 15 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠳᠠᠶᠢᠴᠢᠯᠠᠨ᠎ᠠ᠃ | ᠬᠤᠶᠠᠳᠤᠭᠠᠷ ᠲᠤ᠂ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠭᠦᠨ ᠳᠤ ᠨᠡᠶᠢᠲᠡ 5 ᠵᠦᠢᠯ ᠤᠨ ᠠᠷᠭ᠎ᠠ | ᠬᠡᠮᠵᠢᠶ᠎ᠡ ᠪᠣᠢ᠃ ᠣᠷᠣᠨ ᠰᠠᠭᠤᠴᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ᠂ ᠭᠡᠷ ᠪᠠᠶᠢᠰᠢᠩ ᠲᠦᠷᠢᠶᠡᠰᠦᠯᠡᠬᠦ ᠨᠥᠬᠦᠪᠦᠷᠢ ᠣᠯᠭᠤᠬᠤ᠂ ᠭᠡᠷ | ᠪᠠᠶᠢᠰᠢᠩ ᠬᠤᠳᠠᠯᠳᠤᠨ ᠠᠪᠬᠤ ᠭᠡᠷ᠎ᠡ ᠶᠢᠨ ᠭᠠᠶᠢᠯᠢ ᠶᠢᠨ ᠨᠥᠬᠦᠪᠦᠷᠢ ᠣᠯᠭᠤᠬᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ | ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ᠂ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠪᠠᠶᠢᠷᠢ ᠪᠠ ᠨᠡᠶᠢᠲᠡ ᠶᠢᠨ ᠪᠠᠶᠢᠷᠢ ᠲᠣᠬᠢᠷᠠᠭᠤᠯᠤᠨ ᠪᠠᠶᠢᠭᠤᠯᠬᠤ ᠶᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠭᠠᠳᠠᠨ᠎ᠠ ᠠᠴᠠ ᠢᠷᠡᠭᠰᠡᠨ ᠬᠥᠮᠥᠰ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠨ᠎ᠠ᠃ | ᠭᠤᠷᠪᠠᠳᠤᠭᠠᠷ ᠲᠤ᠂ ᠰᠤᠷᠭᠠᠨ ᠬᠥᠮᠦᠵᠢᠯ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠡᠭᠦᠨ ᠳᠤ ᠨᠡᠶᠢᠲᠡ 4 ᠵᠦᠢᠯ ᠤᠨ | ᠠᠷᠭ᠎ᠠ ᠬᠡᠮᠵᠢᠶ᠎ᠡ ᠪᠣᠢ᠃ ᠰᠤᠷᠭᠠᠨ ᠬᠥᠮᠦᠵᠢᠯ᠂ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ | ᠲᠦᠯᠬᠢᠨ ᠠᠬᠢᠭᠤᠯᠬᠤ ᠪᠠᠷ ᠳᠠᠮᠵᠢᠭᠤᠯᠤᠨ᠂ ᠭᠠᠳᠠᠨ᠎ᠠ ᠠᠴᠠ ᠢᠷᠡᠭᠰᠡᠨ ᠬᠥᠮᠥᠰ ᠤᠨ ᠦᠷ᠎ᠡ ᠬᠡᠦᠬᠡᠳ ᠤᠨ ︽ᠰᠤᠷᠭᠠᠭᠤᠯᠢ ᠳᠤ ᠣᠷᠣᠬᠤ᠂ ᠰᠠᠶᠢᠨ | ᠰᠤᠷᠭᠠᠭᠤᠯᠢ ᠳᠤ ᠣᠷᠣᠬᠤ︾ ᠬᠡᠷᠡᠭᠴᠡᠭᠡ ᠪᠠ ᠰᠢᠯᠢᠳᠡᠭ ᠡᠮᠴᠢᠯᠡᠭᠡᠨ ᠤ ᠦᠢᠯᠡᠴᠢᠯᠡᠭᠡ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠠᠯᠢ ᠴᠢᠳᠠᠬᠤ ᠪᠠᠷ ᠬᠠᠩᠭᠠᠨ᠎ᠠ᠃ | ᠡᠭᠦᠨ ᠤ ᠬᠠᠮᠲᠤ᠂ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠮᠠᠨ ᠤ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠭᠡᠷ ᠪᠦᠯᠢ ᠳᠤ ᠬᠡᠦᠬᠡᠳ | ᠬᠥᠮᠥᠵᠢᠭᠦᠯᠬᠦ ᠨᠥᠬᠦᠪᠦᠷᠢ ᠮᠥᠩᠭᠦ ᠣᠯᠭᠤᠨ᠎ᠠ᠃ | ᠳᠥᠷᠪᠡᠳᠦᠭᠡᠷ ᠲᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠭᠠᠷᠭᠠᠨ᠎ᠠ᠃ ᠡᠭᠦᠨ ᠳᠤ ᠨᠡᠶᠢᠲᠡ | 3 ᠵᠦᠢᠯ ᠤᠨ ᠠᠷᠭ᠎ᠠ ᠬᠡᠮᠵᠢᠶ᠎ᠡ ᠪᠣᠢ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾᠂ ︽ | ᠤᠯᠠᠭᠠᠨ ᠠᠨᠠᠷ ᠤᠨ ᠥᠷᠲᠡᠭᠡ︾᠂ ︽ᠰᠤᠯᠠ ᠠᠵᠢᠯ ᠤᠨ ᠵᠠᠬ᠎ᠠ ᠳᠡᠯᠭᠡᠭᠦᠷ︾᠂ ︽ᠵᠠᠯᠠᠭᠤᠴᠤᠳ ᠤᠨ ᠭᠡᠷ ᠣᠷᠣᠨ︾ ᠵᠡᠷᠭᠡ ᠣᠯᠠᠨ ᠶᠠᠩᠵᠤ ᠶᠢᠨ | ᠦᠢᠯᠡᠴᠢᠯᠡᠭᠡᠨ ᠤ ᠲᠠᠪᠴᠠᠩ ᠢ ᠪᠠᠶᠢᠭᠤᠯᠬᠤ᠂ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ᠂ ᠣᠷᠣᠰᠢᠨ ᠰᠠᠭᠤᠬᠤ ᠦᠨᠡᠮᠯᠡᠯ ᠭᠦᠢᠴᠡᠳᠬᠡᠬᠦ ᠲᠠᠰ | ᠳᠠᠷᠠᠭᠠᠯᠠᠯ ᠢ ᠳᠥᠭᠦᠮᠴᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠰᠡᠳᠬᠢᠯ ᠢ ᠨᠢ ᠠᠷᠭᠠᠮᠵᠢᠵᠤ ᠬᠥᠮᠥᠨ ᠢ ᠦᠯᠡᠳᠡᠭᠡᠬᠦ︾ ᠬᠤᠲᠠ ᠶᠢᠨ ︽ | ᠵᠥᠭᠡᠯᠡᠨ ᠣᠷᠴᠢᠨ ᠲᠣᠭᠤᠷᠢᠨ︾ ᠢ ᠪᠣᠶ ᠪᠣᠯᠭᠠᠨ᠎ᠠ᠃ | ᠬᠤᠶᠠᠷ᠂ ᠬᠠᠮᠢᠶ᠎ᠠ ᠪᠦᠬᠦᠢ ᠲᠥᠷᠥᠯ ᠵᠦᠢᠯ ᠪᠠ ᠪᠡᠯᠡ ᠮᠥᠩᠭᠦ ᠭᠤᠶᠤᠴᠢᠯᠠᠬᠤ ᠨᠥᠬᠦᠴᠡᠯ | ︵ᠨᠢᠭᠡ︶ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠭᠡᠭᠰᠡᠨ ᠨᠥᠬᠦᠪᠦᠷᠢ ᠣᠯᠭᠤᠨ᠎ᠠ ︵4 ᠳ᠋ᠤᠭᠡᠷ ᠠᠷᠭ᠎ᠠ ᠬᠡᠮᠵᠢᠶ᠎ᠡ︶᠃ | ᠭᠤᠶᠤᠴᠢᠯᠠᠬᠤ ᠨᠥᠬᠦᠴᠡᠯ᠄ ᠶᠡᠭᠡ ᠲᠡᠭᠡᠲᠦ ᠰᠤᠷᠭᠠᠭᠤᠯᠢ ᠠᠴᠠ ᠰᠢᠨ᠎ᠡ ᠲᠡᠭᠦᠰᠴᠦ ᠪᠠᠶᠢᠭ᠎ᠠ ᠵᠢᠴᠢ ᠰᠤᠷᠭᠠᠭᠤᠯᠢ ᠠᠴᠠ ᠪᠠᠨ ᠰᠠᠯᠤᠭᠠᠳ ᠬᠤᠶᠠᠷ | ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠡᠩ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠠᠵᠢᠯ ᠠᠯᠳᠠᠭᠰᠠᠨ ᠢᠶᠠᠷ ᠪᠦᠷᠢᠳᠬᠡᠭᠦᠯᠦᠭᠰᠡᠨ 16 — | 24 ᠨᠠᠰᠤᠨ ᠤ ᠵᠠᠯᠠᠭᠤᠴᠤᠳ ᠢ ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠲᠡᠭᠦᠨ ᠳᠤ ᠠᠵᠢᠯ ᠠᠯᠳᠠᠭᠰᠠᠨ᠂ ᠠᠵᠢᠯ ᠠᠴᠠ | ᠪᠣᠯᠤᠭᠰᠠᠨ ᠭᠡᠮᠲᠦᠯ᠂ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ 1 ᠰᠠᠷ᠎ᠠ ᠠᠴᠠ ᠳᠡᠭᠡᠭᠰᠢ ᠲᠤᠰᠢᠶᠠᠭᠰᠠᠨ ᠠᠵᠤ | ᠠᠬᠤᠶᠢᠯᠠᠯ ᠮᠥᠷᠲᠡᠭᠡᠨ ᠬᠢᠨᠠᠨ ᠬᠠᠷᠭᠤᠭᠤᠯᠬᠤ ᠦᠶ᠎ᠡ ᠳᠤ ᠳᠠᠭᠠᠳᠬᠠᠯ ᠳᠤ ᠣᠷᠣᠯᠴᠠᠨ ᠰᠦᠢᠳᠬᠡᠯ ᠲᠤᠰᠢᠶᠠᠭᠰᠠᠨ ᠨᠢ ᠬᠡᠪ ᠤᠨ ᠪᠠᠶᠢᠳᠠᠯ ᠳᠤ ᠪᠠᠶᠢᠪᠠᠯ᠂ ᠨᠢᠭᠡ | ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠭᠰᠡᠨ ᠨᠥᠬᠦᠪᠦᠷᠢ ᠭᠥᠷᠳᠡᠵᠦ ᠪᠣᠯᠣᠨ᠎ᠠ ︵ᠨᠢᠭᠡᠨᠲᠡ ᠨᠢᠭᠡ ᠤᠳᠠᠭ᠎ᠠ ᠶᠢᠨ ᠴᠢᠨᠠᠷᠲᠠᠢ ᠬᠦᠮᠦᠨ | ᠰᠢᠩᠭᠡᠭᠡᠵᠦ ᠠᠵᠢᠯ ᠣᠯᠭᠤᠭᠰᠠᠨ ᠨᠥᠬᠦᠪᠦᠷᠢ ᠶᠢ ᠭᠥᠷᠳᠡᠭᠰᠡᠨ ᠪᠠᠶᠢᠪᠠᠯ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠭᠰᠡᠨ ᠨᠥᠬᠦᠪᠦᠷᠢ ᠶᠢ | ᠳᠠᠪᠬᠤᠷᠳᠠᠭᠤᠯᠤᠨ ᠭᠥᠷᠳᠡᠵᠦ ᠪᠣᠯᠬᠤ ᠦᠭᠡᠢ︶᠃ ᠠᠵᠤ ᠠᠬᠤᠶᠢᠯᠠᠯ ᠭᠤᠶᠤᠴᠢᠯᠠᠬᠤ ᠴᠢᠬᠤᠯᠠ ᠦᠭᠡᠢ᠂ ᠠᠵᠢᠯ ᠠᠯᠳᠠᠯᠲᠠ ᠶᠢᠨ ᠳᠠᠭᠠᠳᠬᠠᠯ ᠤᠨ ᠭᠠᠷᠲᠠᠨ | ᠭᠦᠢᠴᠡᠳᠬᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ | ᠪᠠᠭᠤᠯᠭᠠᠭᠰᠠᠨ ᠲᠤᠭ᠎ᠠ ᠪᠠᠷᠢᠮᠲᠠ ᠶᠢ ᠦᠨᠳᠦᠰᠦᠯᠡᠨ ᠰᠢᠭᠤᠳ ᠬᠢᠨᠠᠨ ᠬᠠᠷᠭᠤᠭᠤᠯᠵᠤ᠂ ᠠᠵᠤ ᠠᠬᠤᠶᠢᠯᠠᠯ ᠳᠤ ᠮᠡᠳᠡᠭᠡ ᠵᠠᠩᠭᠢ ᠶᠠᠪᠤᠭᠤᠯᠬᠤ ᠶᠢᠨ ᠬᠠᠮᠲᠤ | ᠲᠡᠭᠦᠨ ᠢᠶᠠᠷ ᠨᠤᠲᠠᠯᠠᠭᠤᠯᠤᠭᠰᠠᠨ ᠤ ᠳᠠᠷᠠᠭ᠎ᠠ᠂ ᠪᠡᠯᠡ ᠮᠥᠩᠭᠦ ᠶᠢ ᠰᠢᠭᠤᠳ ᠠᠵᠤ ᠠᠬᠤᠶᠢᠯᠠᠯ ᠤᠨ ᠲᠠᠩᠰᠠᠨ ᠡᠷᠦᠬᠡ ᠳᠤ ᠲᠠᠷᠬᠠᠭᠠᠨ᠎ᠠ᠃ ᠨᠥᠬᠦᠪᠦᠷᠢ ᠶᠢᠨ | ᠪᠠᠷᠢᠮᠵᠢᠶ᠎ᠠ ᠨᠢ ᠬᠥᠮᠥᠨ ᠪᠦᠷᠢ ᠳᠤ 1500 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠭᠦᠨ᠎ᠡ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-5181308 ︵ᠬᠤᠲᠠ ᠶᠢᠨ ᠠᠵᠢᠯ ᠣᠯᠭᠤᠯᠲᠠ ᠶᠢᠨ ᠲᠥᠪ ᠤᠨ ᠠᠵᠢᠯ | ᠠᠯᠳᠠᠯᠲᠠ ᠶᠢᠨ ᠳᠠᠭᠠᠳᠬᠠᠯ ᠤᠨ ᠰᠠᠯᠠᠭ᠎ᠠ︶ | ︵ᠬᠤᠶᠠᠷ︶ ᠦᠢᠯᠡᠰ ᠴᠣᠭᠴᠠᠯᠠᠬᠤ ᠲᠠᠯᠠᠪᠤᠷ ᠤᠨ ᠲᠦᠷᠢᠶᠡᠰᠦᠨ ᠤ ᠨᠥᠬᠦᠪᠦᠷᠢ ︵6 ᠳ᠋ᠤᠭᠠᠷ ᠠᠷᠭ᠎ᠠ ᠬᠡᠮᠵᠢᠶ᠎ᠡ︶᠃ | ᠭᠤᠶᠤᠴᠢᠯᠠᠬᠤ ᠨᠥᠬᠦᠴᠡᠯ᠄ ᠬᠤᠲᠠ ᠶᠢᠨ ᠱᠠᠲᠤᠨ ᠠᠴᠠ ᠳᠡᠭᠡᠭᠰᠢᠬᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ᠂ ᠡᠪᠯᠡᠯ ᠤᠨ ᠬᠤᠲᠠ ᠶᠢᠨ ᠨᠠᠮ ᠤᠨ ᠬᠤᠷᠢᠶ᠎ᠠ ᠠᠴᠠ ᠮᠠᠭᠠᠳᠯᠠᠨ ᠲᠣᠭᠲᠠᠭᠠᠭᠰᠠᠨ | ︵ᠫᠠᠶᠢᠰᠠ ᠡᠯᠭᠦᠭᠰᠡᠨ︶ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ᠂ | ᠵᠠᠯᠠᠭᠤᠴᠤᠳ ᠤᠨ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠨᠡᠪᠴᠢᠭᠦᠯᠦᠭᠰᠡᠨ ᠦᠢᠯᠡᠰ ᠴᠣᠭᠴᠠᠯᠠᠬᠤ ᠲᠥᠷᠥᠯ ᠵᠦᠢᠯ ᠲᠠᠯᠠᠪᠤᠷ ᠤᠨ ᠲᠦᠷᠢᠶᠡᠰᠦᠨ ᠤ | ᠨᠥᠬᠦᠪᠦᠷᠢ ᠭᠥᠷᠳᠡᠵᠦ ᠪᠣᠯᠣᠨ᠎ᠠ᠂ ᠲᠥᠷᠥᠯ ᠵᠦᠢᠯ ᠪᠠᠶᠢᠭᠤᠯᠤᠭᠠᠳ ᠭᠤᠷᠪᠠᠨ ᠵᠢᠯ ᠠᠴᠠ ᠬᠡᠲᠦᠷᠡᠭᠰᠡᠨ ᠪᠠᠶᠢᠪᠠᠯ ᠨᠥᠬᠦᠪᠦᠷᠢ ᠥᠭᠬᠦ ᠦᠭᠡᠢ᠃ ᠦᠢᠯᠡᠰ | ᠴᠣᠭᠴᠠᠯᠠᠬᠤ ᠲᠥᠷᠥᠯ ᠵᠦᠢᠯ ᠨᠢᠭᠡᠪᠦᠷᠢ ᠳᠤ ᠵᠢᠯ ᠳᠤ ᠬᠠᠮᠤᠭ ᠤᠨ ᠥᠨᠳᠥᠷ ᠲᠡᠭᠡᠨ 5000 ᠲᠥᠭᠦᠷᠢᠭ ᠤᠨ ᠨᠥᠬᠦᠪᠦᠷᠢ ᠥᠭᠴᠦ᠂ ᠲᠠᠯᠠᠪᠤᠷ ᠤᠨ | ᠲᠦᠷᠢᠶᠡᠰᠦ ᠨᠢ 5000 ᠲᠥᠭᠦᠷᠢᠭ ᠠᠴᠠ ᠳᠣᠷᠤᠭᠰᠢᠬᠢ ᠶᠢ ᠪᠣᠳᠠᠲᠠᠢ ᠶᠢ ᠦᠨᠳᠦᠰᠦᠯᠡᠨ ᠬᠠᠷᠭᠤᠭᠤᠯᠤᠨ ᠪᠣᠳᠤᠵᠤ ᠭᠦᠢᠴᠡᠳᠭᠡᠨ᠎ᠡ᠂ 5000 | ᠲᠥᠭᠦᠷᠢᠭ ᠠᠴᠠ ᠬᠡᠲᠦᠷᠡᠭᠰᠡᠨ ᠪᠠᠶᠢᠪᠠᠯ 5000 ᠲᠥᠭᠦᠷᠢᠭ ᠤᠨ ᠪᠠᠷᠢᠮᠵᠢᠶ᠎ᠠ ᠪᠠᠷ ᠣᠯᠭᠤᠨ᠎ᠠ᠃ ᠬᠠᠮᠤᠭ ᠤᠨ ᠣᠷᠳᠣ ᠳᠠᠭᠠᠨ ᠭᠤᠷᠪᠠᠨ ᠵᠢᠯ ᠤᠨ ᠨᠥᠬᠦᠪᠦᠷᠢ | ᠥᠭᠭᠦᠨ᠎ᠡ᠂ ᠦᠢᠯᠡᠰ ᠴᠣᠭᠴᠠᠯᠠᠬᠤ ᠪᠦᠯᠬᠦᠮ ᠨᠡᠶᠢᠲᠡ ᠶᠢᠨ ᠨᠥᠬᠦᠪᠦᠷᠢ ᠶᠢ 1 ᠵᠢᠯ ᠠᠴᠠ ᠬᠡᠲᠦᠷᠡᠭᠦᠯᠬᠦ ᠦᠭᠡᠢ᠃ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ | ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠨᠥᠬᠦᠪᠦᠷᠢ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠂ ᠬᠢᠷᠢ ᠬᠡᠮ ᠢ ᠬᠢᠨᠠᠨ | ᠬᠠᠷᠭᠤᠭᠤᠯᠵᠤ᠂ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠨ᠎ᠠ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-5181206 ︵ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭ᠎ᠠ︶ | ︵ᠭᠤᠷᠪᠠ︶ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ︵6 ᠳ᠋ᠤᠭᠠᠷ ᠠᠷᠭ᠎ᠠ ᠬᠡᠮᠵᠢᠶ᠎ᠡ︶᠃ | ᠭᠤᠶᠤᠴᠢᠯᠠᠬᠤ ᠨᠥᠬᠦᠴᠡᠯ᠄ ᠵᠠᠯᠠᠭᠤ ᠣᠶᠤᠲᠠᠳ ᠤᠨ ᠪᠠᠶᠢᠭᠤᠯᠤᠭᠰᠠᠨ ᠵᠢᠵᠢᠭ ᠪᠢᠴᠢᠯ ᠠᠵᠤ ᠠᠬᠤᠶᠢᠯᠠᠯ ᠤᠨ ᠲᠤᠬᠠᠢ ᠶᠢᠨ ᠵᠢᠯ ᠰᠢᠨ᠎ᠡ ᠪᠠᠷ ᠡᠯᠰᠡᠵᠦ | ᠬᠡᠷᠡᠭᠯᠡᠭᠰᠡᠨ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠠᠵᠢᠯᠲᠠᠨ ᠠᠵᠢᠯᠴᠢᠨ ︵ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ︿ᠵᠡᠮᠳᠡᠭᠴᠦᠳ ᠢ ᠪᠠᠭᠲᠠᠭᠠᠨ᠎ᠠ﹀᠂ ᠴᠡᠷᠢᠭ ᠠᠴᠠ ᠬᠠᠯᠠᠭᠳᠠᠵᠤ | ᠰᠢᠯᠵᠢᠭᠰᠡᠨ ᠴᠡᠷᠢᠭ ᠠᠴᠠ ᠬᠠᠯᠠᠭᠳᠠᠭᠰᠠᠳ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ᠂ ᠦᠯᠡᠭᠦᠦ ᠦᠢᠯᠡᠳᠪᠦᠷᠢᠯᠡᠬᠦ ᠴᠢᠳᠠᠪᠤᠷᠢ ᠶᠢ ᠢᠯᠭᠠᠷᠠᠭᠤᠯᠤᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ︶ ᠤᠨ ᠲᠤᠭ᠎ᠠ ᠬᠡᠮᠵᠢᠶ᠎ᠡ ᠨᠢ ᠠᠵᠤ ᠠᠬᠤᠶᠢᠯᠠᠯ ᠤᠨ ᠣᠲᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ | ᠲᠤᠭ᠎ᠠ ᠶᠢᠨ 15% ᠳᠤ ᠬᠦᠷᠦᠭᠰᠡᠨ ︵100 ᠬᠥᠮᠥᠨ ᠠᠴᠠ ᠳᠠᠪᠠᠭᠰᠠᠨ ᠠᠵᠤ ᠠᠬᠤᠶᠢᠯᠠᠯ 8% ᠳᠤ ᠬᠦᠷᠦᠨ᠎ᠡ︶᠃ ᠪᠦᠭᠡᠳ ᠲᠡᠭᠦᠨ ᠲᠠᠢ 1 | ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠵᠤ᠂ ᠠᠵᠢᠯᠲᠠᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠦᠭᠡᠢ᠂ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠥᠷᠢᠲᠦᠵᠦ ᠲᠤᠰᠢᠶᠠᠭᠰᠠᠨ ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠢ ᠢᠲᠡᠭᠡᠮᠵᠢ ᠶᠢᠨ | ᠲᠡᠮᠳᠡᠭᠯᠡᠯ ᠦᠭᠡᠢ ᠪᠠᠶᠢᠪᠠᠯ᠂ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠳᠡᠮᠵᠢᠯᠭᠡ ᠣᠯᠭᠤᠨ᠎ᠠ᠃ ᠵᠠᠯᠠᠭᠤ ᠣᠶᠤᠲᠠᠳ ᠤᠨ ᠡᠭᠦᠳᠦᠨ ᠡᠷᠭᠢᠯᠡᠭᠰᠡᠨ | ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠬᠡᠲᠦ ᠶᠢᠨ ᠲᠥᠯᠥᠪ ᠨᠢ ᠰᠠᠶᠢᠨ᠂ ᠳᠠᠶᠢᠴᠢᠯᠠᠵᠤ ᠠᠵᠢᠯ ᠣᠯᠭᠤᠭᠰᠠᠨ ᠬᠥᠮᠥᠨ ᠤ ᠲᠤᠭ᠎ᠠ ᠨᠢ | ᠨᠡᠯᠢᠶᠡᠳ ᠣᠯᠠᠨ ᠪᠠᠶᠢᠪᠠᠯ᠂ ᠮᠠᠭᠠᠳᠯᠠᠨ ᠲᠣᠭᠲᠠᠭᠠᠭᠰᠠᠨ ᠤ ᠳᠠᠷᠠᠭ᠎ᠠ ᠬᠠᠮᠤᠭ ᠤᠨ ᠥᠨᠳᠥᠷ ᠲᠡᠭᠡᠨ 600 ᠲᠦᠮᠡᠨ ᠲᠥᠭᠦᠷᠢᠭ ᠤᠨ ᠳᠠᠭᠠᠭᠠᠯᠲᠠ ᠶᠢᠨ | ᠵᠢᠭᠡᠯᠡᠯᠭᠡ ᠭᠤᠶᠤᠴᠢᠯᠠᠵᠤ ᠪᠣᠯᠣᠨ᠎ᠠ᠃ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ 2 ᠵᠢᠯ ᠠᠴᠠ ᠬᠡᠲᠦᠷᠡᠭᠦᠯᠬᠦ ᠦᠭᠡᠢ᠃ ᠭᠤᠶᠤᠴᠢᠯᠠᠭᠴᠢ | ᠠᠴᠠ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠭᠤᠶᠤᠴᠢᠯᠠᠯ ᠭᠠᠷᠭᠠᠵᠤ᠂ ᠭᠠᠷᠲᠠᠨ ᠭᠦᠢᠴᠡᠳᠬᠡᠬᠦ ᠪᠠᠩᠬᠢ ᠬᠢᠭᠡᠳ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠠᠷᠢᠭᠤᠴᠠᠨ ᠬᠢᠨᠠᠨ ᠬᠠᠷᠭᠤᠭᠤᠯᠵᠤ᠂ ᠭᠠᠷᠲᠠᠨ ᠭᠦᠢᠴᠡᠳᠬᠡᠬᠦ ᠪᠠᠩᠬᠢ ᠠᠴᠠ | ᠲᠣᠭᠲᠠᠭᠠᠯ ᠶᠣᠰᠣᠭᠠᠷ ᠨᠥᠬᠦᠪᠦᠷᠢ ᠶᠢᠨ ᠪᠡᠯᠡ ᠮᠥᠩᠭᠦ ᠣᠯᠭᠤᠨ᠎ᠠ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-6241551 ︵ᠬᠤᠲᠠ ᠶᠢᠨ ᠠᠵᠢᠯ ᠣᠯᠭᠤᠯᠲᠠ ᠶᠢᠨ ᠲᠥᠪ ᠤᠨ ᠦᠢᠯᠡᠰ | ᠴᠣᠭᠴᠠᠯᠠᠬᠤ ᠦᠢᠯᠡᠴᠢᠯᠡᠭᠡᠨ ᠤ ᠰᠠᠯᠠᠭ᠎ᠠ︶ | ︵ᠳᠥᠷᠪᠡ︶ ᠨᠡᠶᠢᠲᠡ ᠶᠢᠨ ᠳᠦᠷᠢᠶᠡᠰᠦᠨ ᠣᠷᠣᠨ ᠰᠠᠭᠤᠴᠠ ᠭᠤᠶᠤᠴᠢᠯᠠᠬᠤ ︵7 ᠳ᠋ᠤᠭᠠᠷ ᠠᠷᠭ᠎ᠠ ᠬᠡᠮᠵᠢᠶ᠎ᠡ︶᠃ | ᠭᠤᠶᠤᠴᠢᠯᠠᠬᠤ ᠨᠥᠬᠦᠴᠡᠯ᠄ ᠭᠤᠶᠤᠴᠢᠯᠠᠭᠴᠢ ᠪᠦᠬᠦᠯᠢ 18 ᠨᠠᠰᠤ ᠬᠦᠷᠴᠦ᠂ ᠲᠣᠰ ᠬᠤᠲᠠ ᠳᠤ ᠭᠡᠷ ᠦᠭᠡᠢ᠂ ᠭᠡᠷ ᠪᠦᠯᠢ ᠶᠢᠨ ᠬᠥᠮᠥᠨ | ᠳᠤᠮᠳᠠᠴᠢ ᠶᠢᠨ ᠰᠠᠷ᠎ᠠ ᠶᠢᠨ ᠣᠷᠣᠯᠭ᠎ᠠ ᠨᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢᠨ 7 ᠳᠠᠬᠢᠨ ᠠᠴᠠ ᠳᠣᠷᠣᠭᠰᠢ ᠪᠠᠶᠢᠬᠤ᠂ | ᠬᠡᠷᠪᠡ ᠬᠥᠬᠡᠬᠤᠲᠠ ᠳᠤ ᠢᠷᠡᠵᠦ ᠠᠵᠢᠯᠯᠠᠵᠤ ᠪᠠᠶᠢᠭ᠎ᠠ ᠠᠵᠢᠯᠲᠠᠨ ᠪᠣᠯ᠂ ᠲᠣᠰ ᠬᠤᠲᠠ ᠳᠤ ᠦᠷᠭᠦᠯᠵᠢᠯᠡᠨ ᠬᠤᠶᠠᠷ ᠵᠢᠯ ᠠᠴᠠ ᠳᠡᠭᠡᠭᠰᠢ ᠨᠡᠶᠢᠭᠡᠮ ᠤᠨ | ᠳᠠᠭᠠᠳᠬᠠᠯ ᠲᠤᠰᠢᠶᠠᠬᠤ ᠬᠡᠷᠡᠭᠲᠡᠢ᠃ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠡᠷᠦᠬᠡ ᠠᠮᠠ ᠶᠢᠨ ᠲᠠᠩᠰᠠ ᠪᠠᠶᠢᠭ᠎ᠠ ︵ᠪᠤᠶᠤ ᠣᠷᠣᠰᠢᠨ ᠰᠠᠭᠤᠵᠤ | ᠪᠠᠶᠢᠭ᠎ᠠ︶ ᠭᠠᠵᠠᠷ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠬᠦᠷᠴᠦ ᠭᠤᠶᠤᠴᠢᠯᠠᠨ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠵᠤ ᠪᠠᠲᠤᠯᠠᠨ | ᠵᠦᠪᠰᠢᠶᠡᠷᠡᠭᠰᠡᠨ ᠤ ᠳᠠᠷᠠᠭ᠎ᠠ ᠨᠣᠮᠧᠷ ᠰᠤᠭᠤᠯᠵᠤ ᠲᠦᠷᠢᠶᠡᠰᠦᠯᠡᠬᠦ ᠳᠤ ᠣᠷᠣᠯᠴᠠᠨ᠎ᠠ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-6272720 ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ︶ | ︵ᠲᠠᠪᠤ︶ ᠣᠷᠳᠣ ᠬᠤᠭᠤᠴᠠᠭᠠᠨ ᠤ ᠳᠦᠷᠢᠶᠡᠰᠦᠨ ᠤ ᠨᠥᠬᠦᠪᠦᠷᠢ ︵8 ᠳ᠋ᠤᠭᠠᠷ ᠠᠷᠭ᠎ᠠ ᠬᠡᠮᠵᠢᠶ᠎ᠡ︶᠃ | ᠭᠤᠶᠤᠴᠢᠯᠠᠨ ᠠᠪᠬᠤ ᠨᠥᠬᠦᠴᠡᠯ᠄ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠬᠦ ᠨᠥᠬᠦᠴᠡᠯ ᠳᠤ ᠨᠡᠶᠢᠴᠡᠬᠦ ᠪᠣᠯᠪᠠᠴᠤ ᠭᠡᠷ | ᠲᠦᠷᠢᠶᠡᠰᠦᠯᠡᠵᠦ ᠣᠯᠤᠭ᠎ᠠ ᠦᠭᠡᠢ ᠭᠡᠷ ᠪᠦᠯᠢ ᠳᠤ ᠣᠷᠳᠣ ᠬᠤᠭᠤᠴᠠᠭᠠᠨ ᠤ ᠲᠦᠷᠢᠶᠡᠰᠦᠨ ᠤ ᠨᠥᠬᠦᠪᠦᠷᠢ ᠣᠯᠭᠤᠬᠤ ᠪᠠᠷ ᠳᠠᠮᠵᠢᠭᠤᠯᠤᠨ ᠪᠠᠲᠤᠯᠠᠭ᠎ᠠ | ᠬᠠᠩᠭᠠᠨ᠎ᠠ᠃ ᠨᠥᠬᠦᠪᠦᠷᠢ ᠶᠢᠨ ᠪᠠᠷᠢᠮᠵᠢᠶ᠎ᠠ ᠨᠢ ᠬᠥᠮᠥᠨ ᠪᠦᠷᠢ ᠳᠤ ᠵᠢᠯ ᠳᠤ 2880 ᠲᠥᠭᠦᠷᠢᠭ ᠥᠭᠭᠦᠨ᠎ᠡ᠃ ᠭᠤᠶᠤᠴᠢᠯᠠᠭᠴᠢ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠲᠦᠷᠢᠶᠡᠰᠦᠯᠡᠵᠦ ᠣᠯᠣᠭᠰᠠᠨ ᠤ ᠲᠠᠷᠠᠭ᠎ᠠ ᠲᠦᠷᠢᠶᠡᠰᠦᠨ ᠤ ᠨᠥᠬᠦᠪᠦᠷᠢ ᠣᠯᠭᠤᠬᠤ ᠪᠠᠨ ᠳᠠᠷᠤᠢ ᠵᠣᠭᠰᠣᠭᠠᠨ᠎ᠠ᠃ ᠭᠤᠶᠤᠴᠢᠯᠠᠭᠴᠢ ᠨᠣᠮᠧᠷ | ᠰᠤᠭᠤᠯᠵᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠣᠯᠬᠤ ᠳᠤᠮᠳᠠ ᠳ᠋ᠤᠭᠠᠷ ᠣᠯᠣᠭᠰᠠᠨ ᠤ ᠳᠠᠷᠠᠭ᠎ᠠ ᠨᠡᠶᠢᠲᠡ ᠶᠢᠨ ᠲᠦᠷᠢᠶᠡᠰᠦᠨ ᠣᠷᠣᠨ ᠰᠠᠭᠤᠴᠠ | ᠶᠢ ᠲᠦᠷᠢᠶᠡᠰᠦᠯᠡᠬᠦ ᠪᠠᠨ ᠪᠣᠯᠢᠭᠰᠠᠨ ᠪᠠᠶᠢᠪᠠᠯ᠂ ᠲᠦᠷᠢᠶᠡᠰᠦᠨ ᠤ ᠨᠥᠬᠦᠪᠦᠷᠢ ᠣᠯᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-6272720 ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ︶ | ︵ᠵᠢᠷᠭᠤᠭ᠎ᠠ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠭᠤᠶᠤᠴᠢᠯᠠᠬᠤ ︵8 ᠳ᠋ᠤᠭᠠᠷ ᠠᠷᠭ᠎ᠠ ᠬᠡᠮᠵᠢᠶ᠎ᠡ︶᠃ | ᠭᠤᠶᠤᠴᠢᠯᠠᠬᠤ ᠨᠥᠬᠦᠴᠡᠯ᠄ ᠭᠤᠶᠤᠴᠢᠯᠠᠭᠴᠢ ᠪᠦᠬᠦᠯᠢ 18 ᠨᠠᠰᠤ ᠬᠦᠷᠴᠦ᠂ ᠲᠣᠰ ᠬᠤᠲᠠ ᠳᠤ ᠠᠵᠢᠯ ᠣᠯᠣᠭᠰᠠᠨ ᠪᠤᠶᠤ ᠦᠢᠯᠡᠰ ᠴᠣᠭᠴᠠᠯᠠᠵᠤ᠂ | ᠲᠣᠰ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠲᠣᠰ ᠬᠤᠲᠠ ᠳᠤ ᠥᠪᠡᠷ ᠤᠨ ᠣᠷᠣᠨ ᠰᠠᠭᠤᠴᠠ ᠦᠭᠡᠢ ᠮᠥᠷᠲᠡᠭᠡᠨ ᠬᠤᠳᠠᠯᠳᠤᠭᠠᠨ ᠳᠤ ᠬᠡᠷᠡᠭᠯᠡᠬᠦ ᠭᠡᠷ | ᠪᠠᠶᠢᠰᠢᠩ᠂ ᠠᠯᠪᠠᠯᠠᠬᠤ ᠠᠰᠠᠷ ᠪᠤᠶᠤ ᠪᠤᠰᠤᠳ ᠪᠡᠯᠡ ᠣᠷᠣᠭᠤᠯᠤᠯᠲᠠ ᠶᠢᠨ ᠴᠢᠨᠠᠷᠲᠠᠢ ᠭᠡᠷ ᠬᠥᠷᠥᠩᠭᠡ ᠶᠢ ᠬᠤᠳᠠᠯᠳᠤᠨ ᠠᠪᠤᠭᠰᠠᠨ ᠦᠭᠡᠢ ᠪᠠᠶᠢᠬᠤ᠃ | ᠨᠥᠬᠦᠴᠡᠯ ᠳᠤ ᠨᠡᠶᠢᠴᠡᠬᠦ ᠬᠥᠮᠥᠰ ︽ᠬᠥᠬᠡᠬᠤᠲᠠ ᠶᠢᠨ ᠣᠷᠣᠨ ᠰᠠᠭᠤᠴᠠ ᠳᠦᠷᠢᠶᠡᠰᠦᠯᠡᠬᠦ︾ APP ᠪᠠᠷ ᠰᠦᠯᠵᠢᠶᠡᠨ ᠳᠡᠭᠡᠷ᠎ᠡ ᠭᠤᠶᠤᠴᠢᠯᠠᠯ ᠭᠠᠷᠭᠠᠨ᠎ᠠ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-3593970 ︵ᠬᠥᠬᠡᠬᠤᠲᠠ ᠶᠢᠨ ᠣᠷᠣᠨ ᠰᠠᠭᠤᠴᠠ ᠶᠢᠨ | ᠲᠦᠷᠢᠶᠡᠰᠦᠯᠡᠯ ᠤᠨ ᠲᠥᠪ︶ | ︵ᠳᠣᠯᠤᠭ᠎ᠠ︶ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠶᠢᠨ ᠭᠠᠶᠢᠯᠢ ᠶᠢᠨ ᠨᠥᠬᠦᠪᠦᠷᠢ ︵9 ᠳ᠋ᠤᠭᠡᠷ ᠠᠷᠭ᠎ᠠ ᠬᠡᠮᠵᠢᠶ᠎ᠡ︶᠃ | ᠭᠤᠶᠤᠴᠢᠯᠠᠨ ᠠᠪᠬᠤ ᠨᠥᠬᠦᠴᠡᠯ᠄ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ | ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢ ᠨᠢᠭᠡᠨᠲᠡ ᠣᠯᠣᠭᠰᠠᠨ ᠪᠤᠶᠤ ᠥᠯᠥ ᠬᠥᠳᠡᠯᠬᠦ ᠬᠥᠷᠥᠩᠭᠡ ᠪᠠᠷ ᠠᠩᠬ᠎ᠠ ᠤᠳᠠᠭ᠎ᠠ ᠳᠠᠩᠰᠠᠯᠠᠬᠤ ᠶᠢ ᠨᠢᠭᠡᠨᠲᠡ | ᠪᠡᠶᠡᠯᠡᠭᠦᠯᠦᠭᠰᠡᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ︵ᠨᠡᠶᠢᠲᠡ ᠶᠢᠨ ᠪᠠᠶᠢᠷᠢ᠂ ᠬᠤᠳᠠᠯᠳᠤᠭ᠎ᠠ᠂ ᠠᠯᠪᠠᠨ ᠬᠡᠷᠡᠭᠯᠡᠭᠡᠨ ᠤ ᠭᠡᠷ ᠵᠢᠴᠢ | ᠭᠠᠷ ᠳᠠᠮᠵᠢᠭᠰᠠᠨ ᠭᠡᠷ ᠪᠠᠶᠢᠰᠢᠩ ᠪᠠᠭᠲᠠᠬᠤ ᠦᠭᠡᠢ︶ ᠶᠢ ᠠᠩᠬ᠎ᠠ ᠤᠳᠠᠭ᠎ᠠ ᠬᠤᠳᠠᠯᠳᠤᠨ ᠠᠪᠤᠭᠰᠠᠨ ᠭᠡᠷ ᠪᠠᠶᠢᠰᠢᠩ ᠬᠤᠳᠠᠯᠳᠤᠨ ᠠᠪᠤᠭᠴᠢ᠃ | ᠣᠳᠣᠬᠠᠨ ᠳᠤ᠂ ᠭᠡᠷ᠎ᠡ ᠶᠢᠨ ᠭᠠᠶᠢᠯᠢ ᠶᠢᠨ ᠨᠥᠬᠦᠪᠦᠷᠢ ᠶᠢᠨ ᠪᠣᠳᠠᠲᠠᠢ ᠴᠣᠪᠤᠷᠠᠯ ᠪᠠ ᠬᠡᠷᠡᠭᠵᠢᠭᠦᠯᠬᠦ ᠨᠠᠷᠢᠨ ᠳᠦᠷᠢᠮ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ | ᠪᠣᠢ᠂ ᠣᠶᠢᠷ᠎ᠠ ᠶᠢᠨ ᠬᠤᠭᠤᠴᠠᠭᠠᠨ ᠳᠤ ᠨᠡᠶᠢᠭᠡᠮ ᠨᠡᠶᠢᠲᠡ ᠳᠤ ᠨᠡᠶᠢᠲᠡᠯᠡᠨ᠎ᠡ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-6325024 ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠰᠠᠯᠠᠭ᠎ᠠ︶ | ︵ᠨᠠᠢᠮᠠ︶ ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ︶ ᠤᠨ ᠰᠤᠷᠭᠠᠭᠤᠯᠢ ᠠᠴᠠ ᠲᠡᠭᠦᠰᠦᠭᠰᠡᠳ ᠤᠨ ᠭᠡᠷ ᠪᠠᠶᠢᠰᠢᠩ | ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ︵10 ᠳ᠋ᠤᠭᠠᠷ ᠠᠷᠭ᠎ᠠ ᠬᠡᠮᠵᠢᠶ᠎ᠡ︶᠃ | ᠭᠤᠶᠤᠴᠢᠯᠠᠨ ᠠᠪᠬᠤ ᠨᠥᠬᠦᠴᠡᠯ᠄ | 1. ᠭᠡᠷ ᠲᠦᠷᠢᠶᠡᠰᠦᠯᠡᠬᠦ ᠨᠥᠬᠦᠪᠦᠷᠢ᠄ ᠬᠤᠲᠠ ᠶᠢᠨ ᠬᠡᠪᠴᠢᠶᠡᠨ ᠳᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠣᠭᠰᠠᠨ | ᠪᠤᠶᠤ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠶᠢᠨ ᠬᠠᠮᠲᠤ ᠬᠠᠤᠯᠢ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠢ ᠨᠡᠶᠢᠲᠡ 3 ᠰᠠᠷ᠎ᠠ ᠵᠢᠴᠢ ᠲᠡᠭᠦᠨ ᠠᠴᠠ ᠳᠡᠭᠡᠭᠰᠢ ᠬᠤᠭᠤᠴᠠᠭ᠎ᠠ ᠲᠤᠰᠢᠶᠠᠭᠰᠠᠨ ᠲᠡᠭᠦᠰᠦᠭᠡᠳ 2 ᠵᠢᠯ ᠪᠣᠯᠤᠭ᠎ᠠ ᠦᠭᠡᠢ | ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ | ᠤᠨ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠨ ᠤᠶᠤᠲᠠᠳ 18 ᠵᠣᠷᠪᠤᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠵᠢᠴᠢ ᠲᠡᠭᠦᠨ ᠠᠴᠠ ᠰᠡᠭᠦᠯᠡᠷ | ᠥᠪᠡᠷ ᠢᠶᠠᠨ ᠭᠡᠷ ᠲᠦᠷᠢᠶᠡᠰᠦᠯᠡᠭᠰᠡᠨ ᠪᠠᠶᠢᠪᠠᠯ᠂ ᠭᠡᠷ ᠲᠦᠷᠢᠶᠡᠰᠦᠯᠡᠭᠰᠡᠨ ᠨᠥᠬᠦᠪᠦᠷᠢ ᠭᠤᠶᠤᠴᠢᠯᠠᠨ ᠠᠪᠴᠤ ᠪᠣᠯᠣᠨ᠎ᠠ᠂ ᠨᠥᠬᠦᠪᠦᠷᠢ ᠥᠭᠬᠦ ᠪᠠᠷᠢᠮᠵᠢᠶ᠎ᠠ ᠨᠢ | ᠰᠠᠷ᠎ᠠ ᠪᠦᠷᠢ 300 ᠲᠥᠭᠦᠷᠢᠭ᠂ ᠨᠥᠬᠦᠪᠦᠷᠢ ᠥᠭᠬᠦ ᠬᠤᠭᠤᠴᠠᠭ᠎ᠠ ᠨᠢ ᠨᠡᠶᠢᠯᠡᠭᠡᠳ 24 ᠰᠠᠷ᠎ᠠ ᠠᠴᠠ ᠬᠡᠲᠦᠷᠡᠬᠦ ᠦᠭᠡᠢ᠃ | 2. ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ᠄ ᠬᠤᠲᠠ ᠶᠢᠨ ᠬᠡᠪᠴᠢᠶᠡᠨ ᠳᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ | ᠠᠵᠢᠯ ᠣᠯᠣᠭᠰᠠᠨ ᠪᠤᠶᠤ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠶᠢᠨ ᠬᠠᠮᠲᠤ ᠬᠠᠤᠯᠢ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠡᠶᠢᠲᠡ 12 ᠰᠠᠷ᠎ᠠ ᠵᠢᠴᠢ ᠲᠡᠭᠦᠨ ᠠᠴᠠ ᠳᠡᠭᠡᠭᠰᠢ ᠬᠤᠭᠤᠴᠠᠭ᠎ᠠ ᠲᠤᠰᠢᠶᠠᠭᠰᠠᠨ ᠪᠦᠬᠦᠯᠢ ᠡᠳᠦᠷ ᠤᠨ | ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ︶ ᠤᠨ ᠰᠤᠷᠤᠯᠭ᠎ᠠ ᠶᠢᠨ ᠨᠠᠮᠲᠠᠷ ᠲᠠᠢ | ᠤᠶᠤᠲᠠᠨ ᠲᠡᠭᠦᠰᠦᠭᠰᠡᠨ ᠤ ᠳᠠᠷᠠᠭᠠᠬᠢ 5 ᠵᠢᠯ ᠤᠨ ᠳᠣᠲᠤᠷ᠎ᠠ ᠠᠩᠬ᠎ᠠ ᠤᠳᠠᠭ᠎ᠠ ᠬᠤᠲᠠ ᠶᠢᠨ ᠬᠡᠪᠴᠢᠶᠡᠨ ᠳᠤ ᠭᠡᠷ ᠪᠠᠶᠢᠰᠢᠩ ᠬᠤᠳᠠᠯᠳᠤᠨ ᠠᠪᠤᠭᠰᠠᠨ | ᠪᠥᠭᠡᠳ ᠭᠡᠷ ᠪᠠᠶᠢᠰᠢᠩ ᠬᠤᠳᠠᠯᠳᠤᠨ ᠠᠪᠤᠭᠰᠠᠨ ᠴᠠᠭ ᠨᠢ 18 ᠵᠣᠷᠪᠤᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠵᠢᠴᠢ ᠲᠡᠭᠦᠨ ᠠᠴᠠ ᠰᠡᠭᠦᠯᠡᠷ ᠪᠠᠶᠢᠪᠠᠯ᠂ | ᠭᠡᠷ ᠪᠠᠶᠢᠰᠢᠩ ᠬᠤᠳᠠᠯᠳᠤᠨ ᠠᠪᠤᠭᠰᠠᠨ ᠨᠥᠬᠦᠪᠦᠷᠢ ᠠᠪᠬᠤ ᠪᠠᠷ ᠭᠤᠶᠤᠴᠢᠯᠠᠵᠤ ᠪᠣᠯᠣᠨ᠎ᠠ᠂ ᠨᠥᠬᠦᠪᠦᠷᠢ ᠶᠢᠨ ᠪᠠᠷᠢᠮᠵᠢᠶ᠎ᠠ ᠨᠢ ᠨᠢᠭᠡ ᠤᠳᠠᠭ᠎ᠠ ᠶᠢᠨ ᠴᠢᠨᠠᠷᠲᠠᠢ | ᠨᠥᠬᠦᠪᠦᠷᠢ 2 ᠲᠦᠮᠡᠨ ᠲᠥᠭᠦᠷᠢᠭ ᠪᠣᠯᠣᠨ᠎ᠠ᠃ | ᠭᠤᠣᠯᠲᠤ ᠪᠣᠷᠣ APP ᠪᠠᠷ ᠳᠠᠮᠵᠢᠭᠤᠯᠤᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ | ᠭᠤᠶᠤᠴᠢᠯᠠᠯ ᠭᠠᠷᠭᠠᠨ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠭᠤᠴᠠᠨ ᠬᠢᠨᠠᠨ ᠬᠠᠷᠭᠤᠭᠤᠯᠵᠤ᠂ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠮᠦᠩᠭᠦ ᠶᠢ ᠨᠢ ᠣᠯᠭᠤᠨ᠎ᠠ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-3960312 ︵ᠬᠤᠲᠠ ᠶᠢᠨ ᠬᠦᠮᠦᠨ ᠤ ᠶᠠᠪᠤᠳᠠᠯ ᠤᠨ ᠰᠢᠯᠭᠠᠯᠲᠠ ᠶᠢᠨ | ᠲᠥᠪ ᠤᠨ ᠴᠢᠳᠠᠪᠤᠷᠢᠲᠠᠨ ᠤ ᠬᠤᠶᠠᠳᠤᠭᠠᠷ ᠰᠠᠯᠠᠭ᠎ᠠ︶᠂ 0471-6328283 ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ︶ | ︵ᠶᠢᠰᠦ︶ ᠬᠥᠬᠡᠬᠤᠲᠠ ᠳᠤ ᠢᠷᠡᠭᠰᠡᠨ ᠠᠵᠢᠯᠲᠠᠨ ᠤ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ︵12 ᠳ᠋ᠤᠭᠠᠷ ᠠᠷᠭ᠎ᠠ ᠬᠡᠮᠵᠢᠶ᠎ᠡ︶᠃ | ᠭᠤᠶᠤᠴᠢᠯᠠᠬᠤ ᠨᠥᠬᠦᠴᠡᠯ᠄ | 1. ᠮᠠᠨ ᠤ ᠬᠤᠲᠠ ᠳᠤ ᠢᠷᠡᠵᠦ ᠠᠵᠢᠯᠯᠠᠵᠤ᠂ ᠣᠷᠤᠰᠢᠨ ᠰᠠᠭᠤᠵᠤ ᠪᠠᠶᠢᠭ᠎ᠠ ᠪᠣᠯ ᠳᠠᠭᠠᠵᠤ ᠨᠡᠭᠦᠭᠰᠡᠨ ᠦᠷ᠎ᠡ ᠬᠡᠦᠬᠡᠳ ᠨᠢ ᠰᠤᠷᠭᠠᠭᠤᠯᠢ | ᠰᠢᠯᠵᠢᠬᠦ ᠳᠤ ᠣᠷᠣᠰᠢᠨ ᠰᠠᠭᠤᠭ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠠᠭᠤᠭᠠᠯᠢ ᠠᠷᠠᠳ ᠤᠨ ᠣᠷᠣᠰᠢᠨ | ᠰᠠᠭᠤᠬᠤ ᠦᠨᠡᠮᠯᠡᠯ᠂ ᠠᠵᠢᠯ ᠤᠨ ᠭᠡᠷᠡᠴᠢ ᠵᠡᠷᠭᠡ ᠪᠠᠷᠢᠮᠲᠠ ᠪᠠᠨ ᠬᠠᠩᠭᠠᠪᠠᠯ ᠳᠠᠷᠤᠢ ᠰᠤᠷᠭᠠᠭᠤᠯᠢ ᠳᠤ ᠣᠷᠣᠬᠤ ᠪᠠᠷ ᠭᠤᠶᠤᠴᠢᠯᠠᠵᠤ ᠪᠣᠯᠣᠨ᠎ᠠ᠃ | 2. ᠺᠣᠮᠫᠢᠦ᠋ᠲ᠋ᠧᠷ ᠢᠶᠠᠷ ᠲᠣᠬᠢᠶᠠᠯᠳᠤᠯ ᠢᠶᠠᠷ ᠡᠯᠰᠡᠬᠦ ᠪᠤᠶᠤ ᠠᠯᠪᠠᠨ ᠠᠴᠠ ᠡᠷᠭᠢᠯᠡᠭᠰᠡᠨ ᠪᠤᠶᠤ ᠠᠷᠠᠳ ᠠᠴᠠ ᠡᠷᠭᠢᠯᠡᠭᠰᠡᠨ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠳᠤ ᠣᠷᠤᠭᠤᠯᠬᠤ ᠪᠠᠷ ᠨᠢᠭᠡᠳᠦᠯᠲᠡᠢ ᠲᠣᠬᠢᠷᠠᠭᠤᠯᠤᠭᠰᠠᠨ ᠳᠠᠭᠠᠵᠤ ᠨᠡᠭᠦᠭᠰᠡᠨ ᠦᠷ᠎ᠡ ᠬᠡᠦᠬᠡᠳ ᠡᠯᠰᠡᠭᠳᠡᠭᠰᠡᠨ ᠰᠤᠷᠭᠠᠭᠤᠯᠢ ᠳᠤ ᠪᠠᠨ | ᠵᠠᠯᠭᠠᠪᠡᠷ ᠭᠤᠷᠪᠠᠨ ᠵᠢᠯ ᠰᠤᠷᠤᠯᠴᠠᠭᠰᠠᠨ ᠪᠠᠶᠢᠪᠠᠯ᠂ ᠭᠤᠷᠪᠠᠨ ᠵᠢᠯ ᠤᠨ ᠳᠠᠷᠠᠭ᠎ᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ | ᠣᠷᠣᠯᠴᠠᠬᠤ ᠦᠶ᠎ᠡ ᠳᠤ᠂ ᠰᠤᠷᠭᠠᠭᠤᠯᠢ ᠪᠠ ᠬᠠᠷᠢᠶ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠰᠣᠷᠣᠭᠴᠢ ᠲᠠᠢ ᠠᠳᠠᠯᠢ ᠪᠠᠷ ︽ᠰᠠᠯᠭᠠᠨ ᠡᠯᠰᠡᠬᠦ︾ ᠬᠢᠷᠢ ᠬᠡᠮ ᠢ | ᠡᠳ᠋ᠯᠡᠵᠦ ᠪᠣᠯᠣᠨ᠎ᠠ᠃ | 3. ᠮᠠᠨ ᠤ ᠬᠤᠲᠠ ᠶᠢᠨ ᠲᠤᠬᠠᠢ ᠶᠢᠨ ᠵᠢᠯ ᠵᠠᠪᠠᠯ ᠣᠷᠣᠭᠤᠯᠵᠤ ᠠᠪᠴᠢᠷᠠᠭᠰᠠᠨ ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠦᠬᠡᠳ | ᠰᠤᠷᠭᠠᠭᠤᠯᠢ ᠳᠤ ᠣᠷᠣᠬᠤ ᠳᠤ᠂ ᠬᠠᠷᠢᠶ᠎ᠠ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠨᠢᠭᠡ ᠤᠳᠠᠭ᠎ᠠ ᠶᠢᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢ ᠰᠣᠩᠭᠤᠬᠤ ᠵᠠᠪᠰᠢᠶᠠᠨ ᠲᠠᠢ᠃ ᠣᠨᠴᠠᠭᠠᠢ ᠳᠤᠲᠠᠭᠳᠠᠵᠤ ᠪᠠᠶᠢᠭ᠎ᠠ ᠳᠡᠭᠡᠳᠦ ᠲᠠᠰ ᠤᠨ | ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ | ᠰᠢᠢᠳᠪᠦᠷᠢᠯᠡᠨ᠎ᠡ᠃ | 4. ᠪᠤᠰᠤᠳ ᠳᠠᠭᠠᠵᠤ ᠨᠡᠭᠦᠭᠰᠡᠨ ᠦᠷ᠎ᠡ ᠬᠡᠦᠬᠡᠳ ᠲᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠨ ᠰᠤᠷᠤᠭᠴᠢᠳ ᠲᠤ ᠤᠯᠤᠰ᠂ | ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-4606405 ︵ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ | ᠰᠠᠭᠤᠷᠢ ᠰᠤᠷᠭᠠᠨ ᠬᠥᠮᠦᠵᠢᠯ ᠤᠨ ᠰᠠᠯᠠᠭ᠎ᠠ︶ | ︵ᠠᠷᠪᠠ︶ ᠬᠤᠶᠠᠷ ᠬᠡᠦᠬᠡᠳ᠂ ᠭᠤᠷᠪᠠᠨ ᠬᠡᠦᠬᠡᠳ ᠠᠪᠬᠤ ᠨᠢᠭᠡ ᠤᠳᠠᠭ᠎ᠠ ᠶᠢᠨ ᠴᠢᠨᠠᠷᠲᠠᠢ ᠭᠡᠷ ᠪᠦᠯᠢ ᠶᠢᠨ ᠬᠡᠦᠬᠡᠳ ᠪᠣᠶᠢᠵᠢᠭᠤᠯᠬᠤ ᠨᠡᠮᠡᠭᠦᠷᠢ | ᠮᠥᠩᠭᠦ ︵15 ᠳ᠋ᠤᠭᠠᠷ ᠠᠷᠭ᠎ᠠ ᠬᠡᠮᠵᠢᠶ᠎ᠡ︶᠃ | ᠭᠤᠶᠤᠴᠢᠯᠠᠨ ᠠᠪᠬᠤ ᠨᠥᠬᠦᠴᠡᠯ᠄ ᠡᠷ᠎ᠡ ᠡᠮ᠎ᠡ ᠬᠤᠶᠠᠷ ᠡᠲᠡᠭᠡᠳ ᠪᠤᠶᠤ ᠨᠢᠭᠡ ᠡᠲᠡᠭᠡᠳ ᠤᠨ ᠡᠷᠦᠬᠡ ᠠᠮᠠ ᠶᠢᠨ ᠲᠠᠩᠰᠠ ᠨᠢ ᠬᠥᠬᠡᠬᠤᠲᠠ ᠳᠤ | ᠪᠠᠶᠢᠪᠠᠯ᠂ ᠬᠡᠦᠬᠡᠳ ᠤᠨ ᠡᠷᠦᠬᠡ ᠠᠮᠠ ᠶᠢᠨ ᠲᠠᠩᠰᠠ ᠨᠢ ᠬᠥᠬᠡᠬᠤᠲᠠ ᠶᠢᠨ ᠡᠷᠦᠬᠡ ᠠᠮᠠ ᠶᠢᠨ ᠲᠠᠩᠰᠠ ᠪᠣᠯᠣᠨ᠎ᠠ᠂ ︽ᠨᠢᠭᠡ ᠬᠤᠣᠰ ᠡᠷ᠎ᠡ ᠡᠮ᠎ᠡ︾ ᠤᠨ | ᠬᠡᠦᠬᠡᠳ ᠠᠪᠤᠭᠰᠠᠨ ᠲᠤᠭ᠎ᠠ ᠪᠠᠷ ᠪᠤᠳᠤᠵᠤ᠂ ᠢᠬᠡᠷ᠎ᠡ ᠬᠡᠦᠬᠡᠳ ᠲᠠᠢ ᠭᠡᠷ ᠪᠦᠯᠢ ᠶᠢ ᠬᠤᠶᠠᠷ ᠬᠡᠦᠬᠡᠳ ᠠᠪᠤᠭᠰᠠᠨ ᠢᠶᠠᠷ ᠪᠤᠳᠤᠨ᠎ᠠ᠃ ᠨᠥᠬᠦᠴᠡᠯ ᠳᠤ ᠨᠡᠶᠢᠴᠡᠬᠦ | ᠡᠲᠡᠭᠡᠳ ᠨᠢᠭᠡ ᠤᠳᠠᠭ᠎ᠠ ᠶᠢᠨ ᠴᠢᠨᠠᠷᠲᠠᠢ ᠬᠡᠦᠬᠡᠳ ᠪᠣᠶᠢᠵᠢᠭᠤᠯᠬᠤ ᠨᠡᠮᠡᠭᠦᠷᠢ ᠮᠦᠩᠭᠦ ᠠᠪᠬᠤ ᠪᠠᠷ ᠭᠤᠶᠤᠴᠢᠯᠠᠬᠤ ᠳᠤ᠂ ᠲᠣᠰ ᠬᠥᠮᠥᠨ ᠨᠢ ᠡᠷᠦᠬᠡ | ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠡᠷ᠎ᠡ ᠡᠮ᠎ᠡ ᠬᠤᠶᠠᠭᠤᠯᠠ ᠶᠢᠨ ᠣᠷᠤᠭ ᠤᠨ ᠦᠨᠡᠮᠯᠡᠯ᠂ ᠬᠤᠶᠠᠳᠠᠭᠢ ᠬᠡᠦᠬᠡᠳ ᠪᠠ ᠭᠤᠷᠪᠠᠳᠠᠭᠢ ᠬᠡᠦᠬᠡᠳ | ᠲᠦᠷᠦᠭᠰᠡᠨ ᠠᠨᠠᠭᠠᠬᠤ ᠤᠬᠠᠭᠠᠨ ᠤ ᠭᠡᠷᠡᠴᠢ ᠵᠡᠷᠭᠡ ᠬᠤᠯᠪᠤᠭᠳᠠᠯ ᠪᠦᠬᠦᠢ ᠮᠠᠲ᠋ᠧᠷᠢᠶᠠᠯ ᠢᠶᠠᠨ ᠠᠪᠴᠤ᠂ ᠡᠷᠦᠬᠡ ᠠᠮᠠ ᠪᠠᠶᠢᠭ᠎ᠠ ᠭᠠᠵᠠᠷ ᠤᠨ ᠨᠡᠶᠢᠭᠡᠮ | ᠲᠣᠭᠤᠷᠢᠭ ︵ᠲᠣᠰᠬᠤᠨ︶ ᠳᠤ ᠭᠤᠶᠤᠴᠢᠯᠠᠯ ᠭᠠᠷᠭᠠᠵᠤ᠂ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ | ᠬᠠᠷᠢᠭᠤᠴᠠᠨ ᠣᠯᠭᠤᠨ᠎ᠠ᠃ ᠨᠥᠬᠦᠪᠦᠷᠢ ᠶᠢᠨ ᠪᠠᠷᠢᠮᠵᠢᠶ᠎ᠠ ᠨᠢ ᠨᠢᠭᠡ ᠤᠳᠠᠭ᠎ᠠ ᠶᠢᠨ ᠴᠢᠨᠠᠷᠲᠠᠢ 5000 ᠲᠥᠭᠦᠷᠢᠭ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-4606663 ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠬᠥᠮᠥᠨ ᠠᠮᠠ ᠭᠡᠷ ᠪᠦᠯᠢ ᠶᠢᠨ ᠰᠠᠯᠠᠭ᠎ᠠ︶ | ︵ᠠᠷᠪᠠᠨ ᠨᠢᠭᠡ︶ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠠᠰᠠᠷᠠᠨ ᠬᠠᠷᠠᠭᠠᠯᠵᠠᠬᠤ ᠨᠥᠬᠦᠪᠦᠷᠢ ︵15 ᠳ᠋ᠤᠭᠠᠷ ᠠᠷᠭ᠎ᠠ ᠬᠡᠮᠵᠢᠶ᠎ᠡ︶᠃ | ᠭᠤᠶᠤᠴᠢᠯᠠᠨ ᠠᠪᠬᠤ ᠨᠥᠬᠦᠴᠡᠯ᠄ ᠬᠠᠷᠢᠶ᠎ᠠ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠠᠩᠰᠠᠯᠠᠭᠤᠯᠤᠭᠰᠠᠨ ᠪᠤᠶᠤ | ᠲᠡᠮᠳᠡᠭᠯᠡᠭᠦᠯᠦᠭᠰᠡᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠰᠠᠭᠠᠲᠠᠭᠤᠯᠬᠤ ᠪᠠᠷ ᠠᠪᠤᠭᠰᠠᠨ ᠬᠡᠦᠬᠡᠳ ᠨᠢ ᠪᠦᠬᠦᠯᠢ 3 ᠨᠠᠰᠤ ᠬᠦᠷᠦᠭᠡᠳᠦᠢ ᠪᠠᠶᠢᠪᠠᠯ | ᠠᠰᠠᠷᠠᠨ ᠬᠠᠷᠠᠭᠠᠯᠵᠠᠬᠤ ᠨᠥᠬᠦᠪᠦᠷᠢ ᠭᠥᠷᠳᠡᠵᠦ ᠪᠣᠯᠣᠨ᠎ᠠ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠰᠠᠭᠠᠲᠠᠭᠤᠯᠬᠤ ᠪᠠᠷ ᠠᠪᠤᠭᠰᠠᠨ ᠬᠡᠦᠬᠡᠳ ᠤᠨ | ᠨᠡᠷᠡᠰ ᠢ ᠠᠪᠴᠤ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶ ᠲᠠᠭᠠᠨ ᠭᠤᠶᠤᠴᠢᠯᠠᠯ ᠭᠠᠷᠭᠠᠵᠤ᠂ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠣᠯᠭᠤᠨ᠎ᠠ᠃ ᠨᠥᠬᠦᠪᠦᠷᠢ ᠶᠢᠨ ᠪᠠᠷᠢᠮᠵᠢᠶ᠎ᠠ ᠨᠢ ᠭᠡᠦᠭᠡᠳ ᠪᠦᠷᠢ ᠶᠢᠨ ᠵᠢᠯ ᠳᠤ 600 ᠲᠥᠭᠦᠷᠢᠭ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-4606663 ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠬᠥᠮᠥᠨ ᠠᠮᠠ ᠭᠡᠷ ᠪᠦᠯᠢ ᠶᠢᠨ ᠰᠠᠯᠠᠭ᠎ᠠ︶ | ︵ᠠᠷᠪᠠᠨ ᠬᠤᠶᠠᠷ︶ ︽ᠨᠥᠬᠦᠴᠡᠯ ᠦᠭᠡᠢ ᠪᠠᠷ ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ ︵18 ᠳ᠋ᠤᠭᠠᠷ ᠠᠷᠭ᠎ᠠ ᠬᠡᠮᠵᠢᠶ᠎ᠡ︶᠃ | ᠭᠤᠶᠤᠴᠢᠯᠠᠬᠤ ᠨᠥᠬᠦᠴᠡᠯ᠄ | 1. ᠬᠦᠬᠡᠬᠤᠲᠠ ᠳᠤ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠲᠠᠢ ︵ᠲᠦᠷᠢᠶᠡᠰᠦᠯᠡᠬᠦ ᠶᠢ ᠪᠠᠭᠲᠠᠭᠠᠨ᠎ᠠ︶ ᠪᠣᠯ ᠭᠡᠷ ᠪᠦᠯᠢ ᠶᠢᠨ | ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠦᠭᠡᠢ ᠪᠣᠯ ᠬᠠᠮᠲᠤ ᠶᠢᠨ ᠡᠷᠦᠬᠡ ᠳᠤ | ᠣᠷᠣᠬᠤ ᠪᠠᠷ ᠭᠤᠶᠤᠴᠢᠯᠠᠵᠤ ᠪᠣᠯᠣᠨ᠎ᠠ᠃ | 2. ᠰᠢᠭᠤᠳ ᠴᠢᠰᠤᠨ ᠲᠦᠷᠦᠯ ᠤᠨ ᠬᠠᠷᠢᠴᠠᠭ᠎ᠠ ᠲᠠᠢ ᠰᠠᠳᠤᠨ ᠲᠦᠷᠦᠯ ᠢᠶᠠᠨ ᠲᠦᠰᠢᠵᠦ ᠡᠷᠦᠭᠡ ᠠᠮᠠ ᠣᠷᠤᠬᠤ ᠳᠤ᠂ ᠰᠠᠳᠤᠨ ᠲᠦᠷᠦᠯ ᠤᠨ | ᠬᠡᠪᠴᠢᠶ᠎ᠡ ᠶᠢ ᠨᠦᠬᠦᠷ᠂ ᠦᠷ᠎ᠡ ᠬᠡᠦᠬᠡᠳ᠂ ᠡᠴᠢᠭᠡ ᠡᠬᠡ ᠪᠠᠶᠢᠭᠰᠠᠨ ᠢ ᠣᠮᠪᠣᠯᠣ ᠬᠦᠦ ᠥᠬᠢᠨ᠂ ᠵᠢᠭᠡ ᠣᠮᠪᠣᠯᠣ ᠬᠦᠦ ᠥᠬᠢᠨ᠂ ᠡᠪᠦᠭᠡ ᠡᠮᠡᠭᠡ᠂ ᠨᠠᠭᠠᠴᠤ | ᠡᠪᠦᠭᠡ ᠡᠮᠡᠭᠡ ᠬᠦᠷᠲᠡᠯ᠎ᠡ ᠥᠷᠭᠡᠳᠬᠡᠨ᠎ᠡ᠃ ᠰᠠᠳᠤᠨ ᠲᠥᠷᠥᠯ ᠪᠠᠶᠢᠬᠤ ᠦᠭᠡᠢ ᠪᠣᠯ ᠲᠤᠲᠤᠨᠤ ᠬᠦᠮᠦᠰ ᠨᠠᠶᠢᠵᠠ ᠨᠥᠬᠦᠳ ᠢᠶᠠᠨ ᠲᠦᠰᠢᠵᠦ ᠡᠷᠦᠬᠡ | ᠠᠮᠠ ᠣᠷᠣᠵᠤ ᠪᠣᠯᠣᠨ᠎ᠠ᠃ | 3. ᠴᠢᠳᠠᠪᠤᠷᠢᠲᠠᠨ ᠤ ᠡᠷᠦᠬᠡ ᠠᠮᠠ ᠰᠢᠯᠵᠢᠬᠦ ᠨᠥᠬᠦᠴᠡᠯ ᠳᠤ ᠨᠡᠶᠢᠴᠡᠪᠡᠯ᠂ ᠴᠢᠳᠠᠪᠤᠷᠢᠲᠠᠨ ᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠃ | | 4. ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠣᠭᠰᠠᠨ ᠡᠷᠦᠬᠡ ᠠᠮᠠ ᠰᠢᠯᠵᠢᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠠᠵᠢᠯ ᠣᠯᠤᠭᠰᠠᠨ | ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠃ | 5. ᠡᠷᠦᠬᠡ ᠠᠮᠠ ᠰᠢᠯᠵᠢᠬᠦ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠣᠬᠢᠬᠤ ᠲᠣᠭᠲᠠᠭᠠᠯ ᠶᠣᠰᠣᠭᠠᠷ ᠡᠷᠦᠬᠡ ᠠᠮᠠ ᠣᠷᠤᠨ᠎ᠠ᠃ | ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-6699697 ︵ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠠᠮᠤᠷ ᠢ ᠬᠠᠮᠠᠭᠠᠯᠠᠬᠤ ᠰᠠᠯᠪᠤᠷᠢ ᠠᠩᠭᠢ ᠶᠢᠨ ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ︶ | ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |